| | 6 ᠰᠠᠷ᠎ᠠ ᠶᠢᠨ 20 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠪᠥᠬᠦ ᠬᠤᠰᠢᠭᠤᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠪᠠ ᠪᠡᠯᠡ ᠮᠥᠩᠭᠦ | ᠲᠠᠲᠠᠨ ᠣᠷᠣᠭᠤᠯᠣᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠡᠷᠭᠢᠯᠡᠨ ᠬᠢᠪᠡ᠃ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ᠂ ᠳᠡᠳ᠋ ᠬᠤᠰᠢᠭᠤᠨ | ᠳᠠᠷᠤᠭ᠎ᠠ ᠳ᠋ᠢᠩ ᡁᠢ ᠭᠠᠩ ᠬᠤᠷᠠᠯ ᠳᠤ ᠣᠷᠣᠯᠴᠠᠵᠤ᠂ ᠬᠤᠰᠢᠭᠤᠨ ᠤ ᠡᠯ᠎ᠡ ᠰᠢᠭᠤᠳ ᠬᠠᠷᠢᠶ᠎ᠠ ᠨᠢᠭᠡᠴᠡ ᠶᠢᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠱᠣᠣ ᠶᠠᠨ ᠵᠢᠶᠦ᠋ᠨ ᠵᠢᠭᠠᠪᠣᠷᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠭᠦᠨᠵᠡᠭᠡᠢ ᠲᠠᠨᠢᠬᠤ ᠪᠠ ᠣᠨᠣᠪᠴᠢᠲᠠᠢ ᠡᠵᠡᠮᠰᠢᠵᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠬᠤᠰᠢᠭᠤᠨ ᠤ ᠠᠵᠤ | ᠠᠬᠤᠢ ᠶᠢᠨ ᠠᠵᠢᠯᠯᠠᠭᠠᠨ ᠤ ᠣᠨᠴᠠᠯᠢᠭ ᠢ ᠭᠦᠨᠵᠡᠭᠡᠢ ᠵᠠᠳᠠᠯᠵᠤ᠂ ᠳᠣᠲᠠᠭᠳᠠᠯ ᠵᠥᠷᠢᠶ᠎ᠡ ᠪᠠᠨ ᠡᠷᠢᠵᠦ᠂ ᠠᠷᠭᠠᠴᠠᠭᠠᠬᠤ | ᠠᠷᠭ᠎ᠠ ᠬᠡᠮᠵᠢᠶ᠎ᠡ ᠪᠠᠨ ᠣᠨᠣᠪᠴᠢᠲᠠᠢ ᠰᠤᠳᠤᠯᠵᠤ᠂ ᠬᠠᠷᠠᠯᠲᠠ ᠲᠠᠢ᠂ ᠲᠥᠯᠥᠪᠯᠡᠭᠡ ᠲᠠᠢ ᠪᠠᠷ ᠪᠦᠬᠦ ᠬᠤᠰᠢᠭᠤᠨ ᠤ | ᠠᠵᠤ ᠠᠬᠤᠢ ᠶᠢᠨ ᠠᠵᠢᠯᠯᠠᠭᠠᠨ ᠤ ᠠᠵᠢᠯ ᠢ ᠲᠣᠭᠲᠠᠭᠤᠨ ᠢᠶᠠᠷ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ ᠤᠨ | ᠬᠢᠨ ᠬᠠᠮᠲᠣᠷᠠᠨ ᠬᠠᠮᠵᠢᠯᠴᠠᠬᠤ ᠶᠢ ᠴᠢᠩᠭᠠᠳᠬᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ | ᠢᠳᠡᠪᠬᠢᠲᠡᠢ ᠪᠠᠷ ᠳᠡᠭᠡᠭᠰᠢ ᠨᠡᠪᠲᠡᠷᠡᠯᠴᠡᠵᠦ᠂ ᠵᠠᠩᠭᠢᠯᠠᠭ᠎ᠠ ᠶᠢᠨ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ | ᠠᠳᠬᠤᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ ᠴᠢᠬᠤᠯᠠ ᠭᠤᠭᠴᠤᠭ᠎ᠠ ᠶᠢ ᠡᠵᠡᠮᠳᠡᠵᠦ᠂ ᠲᠤᠭ᠎ᠠ | ᠪᠠᠷᠢᠮᠲᠠ ᠪᠠᠨ ᠴᠠᠭ ᠲᠤᠬᠠᠢ ᠳᠤᠨᠢ ᠣᠨᠣᠪᠴᠢᠲᠠᠢ ᠳᠡᠭᠡᠭᠰᠢ ᠮᠡᠳᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠪᠦᠲᠦᠮᠵᠢᠲᠡᠶ ᠡᠬᠢ | ᠪᠠᠶᠠᠯᠢᠭ ᠢᠶᠠᠨ ᠠᠮᠢᠯᠠᠭᠤᠯᠵᠤ᠂ ᠭᠠᠶᠢᠯᠢ ᠲᠠᠲᠠᠪᠤᠷᠢ ᠶᠢᠨ ᠲᠠᠯᠳᠠ ᠬᠦᠴᠦᠨ ᠢᠶᠠᠨ ᠭᠦᠨᠵᠡᠭᠡᠢ ᠠᠭᠤᠳᠠᠯᠵᠤ᠂ | ᠭᠠᠶᠢᠯᠢ ᠶᠢᠨ ᠢᠷᠡᠯᠲᠡ ᠶᠢ ᠪᠣᠶᠢᠵᠢᠭᠤᠯᠬᠤ ᠶᠢ ᠲᠦᠷᠭᠡᠳᠬᠡᠨ᠂ ᠭᠠᠶᠢᠯᠢ ᠶᠢᠨ ᠲᠠᠲᠠᠪᠤᠷᠢᠯᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠵᠠᠷᠤᠯᠭ᠎ᠠ ᠶᠢᠨ ᠪᠦᠲᠦᠴᠡ ᠪᠠᠨ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠲᠡᠩᠴᠡᠭᠦᠷᠢ ᠶᠢ ᠦᠨᠡᠨ ᠬᠦ ᠪᠠᠲᠤᠯᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠢᠨ | ᠵᠢᠷᠤᠮᠵᠢᠯ ᠲᠠᠢ᠂ ᠦᠨᠡᠨ ᠪᠣᠳᠠᠲᠠᠢ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭ᠎ᠠ | ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠥᠷᠥᠯ | ᠵᠦᠢᠯ ᠤᠨ ᠲᠤᠭ᠎ᠠ ᠪᠦᠷᠢᠳᠬᠡᠯ ᠢ ᠬᠥᠮᠥᠷᠭᠡ ᠳᠤ ᠣᠷᠣᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ | ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠪᠦᠷᠢᠳᠭᠡᠨ ᠬᠥᠮᠥᠷᠭᠡ ᠳᠤ ᠣᠷᠣᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ | ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠮᠡᠳᠡᠭᠦᠯᠪᠡᠯ ᠵᠣᠬᠢᠬᠤ ᠪᠦᠬᠦᠨ ᠢ ᠮᠡᠳᠡᠭᠦᠯᠵᠦ᠂ | ᠣᠷᠣᠭᠤᠯᠪᠠᠯ ᠵᠣᠬᠢᠬᠤ ᠲᠦᠷᠥᠯ ᠵᠦᠢᠯ ᠪᠦᠬᠦᠨ ᠢ ᠣᠷᠣᠭᠤᠯᠵᠤ᠂ ᠪᠦᠷᠢᠳᠭᠡᠪᠡᠯ ᠵᠣᠬᠢᠬᠤ ᠪᠡᠯᠡ ᠣᠷᠣᠭᠤᠯᠤᠯᠲᠠ | ᠪᠦᠬᠦᠨ ᠢ ᠪᠦᠷᠢᠳᠭᠡᠬᠦ ᠶᠢ ᠪᠠᠲᠤᠯᠠᠬᠤ ᠬᠡᠷᠡᠭᠲᠡᠢ ᠭᠡᠪᠡ᠃ | | ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ | ᠭᠤᠷᠪᠠᠳᠤᠭᠠᠷ ᠤᠯᠠᠷᠢᠯ ᠤᠨ ᠭᠤᠣᠯ ᠲᠥᠷᠥᠯ ᠵᠦᠢᠯ ᠤᠨ ᠪᠠᠷᠢᠯᠭ᠎ᠠ ᠡᠬᠢᠯᠡᠭᠦᠯᠵᠦ ᠪᠦᠲᠦᠭᠡᠨ ᠪᠠᠶᠢᠭᠤᠯᠬᠤ | ᠠᠬᠢᠴᠠ ᠶᠢ ᠲᠦᠷᠭᠡᠳᠬᠡᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ | ᠲᠥᠪ ᠪᠠ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠨᠡᠶᠢᠲᠡᠯᠡᠭᠰᠡᠨ ᠠᠯᠢ ᠣᠯᠠᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠪᠣᠳᠠᠲᠠᠢ ᠲᠠᠢ ᠪᠠᠨ ᠤᠶᠠᠯᠳᠤᠭᠤᠯᠤᠨ | ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠨᠳᠣᠰᠢ ᠲᠠᠢ ᠠᠷᠭ᠎ᠠ ᠬᠡᠮᠵᠢᠶ᠎ᠡ | ᠠᠪᠴᠤ ᠪᠠᠶᠢᠭᠠᠳ ᠠᠵᠤ ᠦᠢᠯᠡᠳᠪᠦᠷᠢ ᠶᠢ ᠲᠣᠭᠲᠠᠪᠤᠷᠢᠵᠢᠭᠤᠯᠤᠨ᠂ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠵᠤ᠂ ᠬᠡᠷᠡᠭᠯᠡᠭᠡ ᠶᠢ ᠠᠬᠢᠭᠤᠯᠤᠨ᠂ ᠠᠷᠠᠳ ᠤᠨ ᠠᠮᠢᠳᠤᠷᠠᠯ ᠢ ᠪᠠᠲᠤᠯᠠᠵᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠳᠤ ᠨᠠᠩ ᠰᠠᠶᠢᠨ ᠪᠣᠳᠠᠲᠤ ᠠᠰᠢᠭ ᠬᠦᠷᠲᠡᠭᠡᠵᠦ᠂ ᠠᠵᠤ ᠠᠬᠤᠢ ᠶᠢᠨ ᠬᠥᠭᠵᠢᠯᠲᠡ ᠳᠤ ᠬᠥᠳᠡᠯᠭᠡᠭᠦ | ᠬᠦᠴᠦᠨ ᠨᠡᠮᠡᠷᠢᠯᠡᠬᠦ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠪᠣᠯᠣᠨ ᠬᠤᠳᠠᠯᠳᠣᠭᠠᠴᠢᠨ ᠤᠷᠢᠵᠤ ᠪᠡᠯᠡ | ᠲᠠᠲᠠᠬᠤ ᠶᠢ ᠭᠤᠶᠢᠪᠢᠰᠢ ᠦᠭᠡᠢ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠤᠨ | ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠠᠵᠤ ᠦᠢᠯᠡᠰ ᠤᠨ | ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠨᠲᠡ | ᠲᠣᠭᠲᠠᠭᠠᠭᠰᠠᠨ ᠬᠠᠷᠠᠯᠲᠠ ᠡᠭᠦᠷᠭᠡ ᠲᠠᠢ ᠪᠠᠨ ᠬᠠᠷᠢᠴᠠᠭᠤᠯᠤᠨ ᠵᠦᠢᠯ ᠳᠠᠷᠠᠭᠠᠯᠠᠨ ᠵᠠᠳᠠᠯᠤᠨ ᠰᠤᠳᠤᠯᠵᠤ᠂ | ᠠᠰᠠᠭᠤᠳᠠᠯ ᠪᠠ ᠳᠣᠲᠠᠭᠳᠠᠯ ᠳᠤ ᠴᠢᠭᠯᠡᠭᠦᠯᠦᠨ ᠰᠢᠯᠲᠠᠭᠠᠨ ᠢ ᠨᠢ ᠣᠨᠣᠪᠴᠢᠲᠠᠢ ᠡᠷᠢᠵᠦ᠂ ᠣᠨᠣᠴᠠᠲᠠᠢ ᠠᠷᠭ᠎ᠠ | ᠪᠣᠳᠣᠯᠭ᠎ᠠ ᠬᠡᠷᠡᠭᠵᠢᠭᠦᠯᠵᠦ᠂ ᠦᠨᠡᠨ ᠪᠣᠳᠠᠲᠠᠢ ᠠᠵᠢᠯᠯᠠᠬᠤ ᠪᠠᠷ ᠳᠠᠮᠵᠢᠨ ᠬᠠᠷᠠᠯᠲᠠ ᠡᠭᠦᠷᠭᠡ ᠪᠠᠨ ᠰᠠᠶᠢᠲᠤᠷ | ᠪᠡᠶᠡᠯᠡᠭᠦᠯᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ | ᠲᠣᠭᠲᠠᠯ ᠬᠦᠴᠦᠨ ᠢᠶᠠᠨ ᠪᠠᠲᠤᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠶᠠᠪᠤᠳᠠᠯ ᠬᠢᠵᠦ᠂ ᠴᠢᠩᠭ᠎ᠠ | ᠠᠳᠬᠤᠨ ᠰᠢᠷᠭᠠᠭᠤ ᠠᠵᠢᠯᠯᠠᠵᠤ᠂ ᠬᠠᠷᠢᠭᠤᠴᠠᠯᠭ᠎ᠠ ᠶᠢ ᠡᠮᠦᠨ᠎ᠡ ᠹᠷᠣᠨᠲ ᠲᠤ ᠬᠦᠷᠲᠡᠯ᠎ᠡ ᠨᠠᠶᠢᠳᠠᠪᠤᠷᠢᠵᠢᠭᠤᠯᠵᠤ᠂ | ᠠᠵᠢᠯ ᠲᠦᠷᠦᠯ᠂ ᠠᠵᠤ ᠠᠬᠤᠶᠢᠯᠠᠯ᠂ ᠲᠦᠷᠦᠯ ᠵᠦᠢᠯ ᠬᠦᠷᠲᠡᠯ᠎ᠡ ᠪᠣᠳᠠᠲᠠᠢ ᠬᠢᠵᠦ᠂ ᠪᠣᠳᠠᠲᠠᠢ ᠠᠷᠭ᠎ᠠ ᠬᠡᠮᠵᠢᠶ᠎ᠡ | ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠬᠤᠶᠠᠳᠤᠭᠠᠷ ᠤᠯᠠᠷᠢᠯ ᠳᠤ ᠪᠣᠭᠤᠮᠲᠠ ᠰᠢᠪᠲᠤᠯᠵᠤ᠂ | ᠳᠡᠭᠡᠷ᠎ᠡ ᠬᠠᠭᠠᠰ ᠵᠢᠯ ᠤᠨ ᠰᠢᠢᠳᠪᠦᠷᠢᠲᠦ ᠢᠯᠠᠯᠲᠠ ᠶᠢ ᠣᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃ | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠠᠵᠤ | ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠪᠣᠯᠣᠨ ᠪᠡᠯᠡ ᠮᠥᠩᠭᠦ ᠲᠠᠲᠠᠨ ᠣᠷᠣᠭᠤᠯᠣᠭᠰᠠᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ | |