ᠬᠤᠩᠬᠠᠳᠤ ᠠᠭᠤᠯᠠ ᠪᠠᠯᠭᠠᠰᠤ ︽ᠰᠤᠷᠭᠠᠭᠤᠯᠢ ᠲᠡᠪᠰᠢᠭᠰᠡᠨ ᠳᠠᠶᠢᠯᠠᠯᠭ᠎ᠠ ᠶᠢ ᠲᠡᠪᠴᠢᠬᠦ︾ ᠰᠠᠶᠢᠨ ᠳᠤᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/23
     ᠣᠶᠢᠷ᠎ᠠ ᠳᠤ᠂ ᠬᠤᠩᠬᠠᠳᠤ ᠠᠭᠤᠯᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠢᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ︽ᠰᠤᠷᠭᠠᠭᠤᠯᠢ ᠲᠡᠪᠰᠢᠭᠰᠡᠨ ᠳᠠᠶᠢᠯᠠᠯᠭ᠎ᠠ ᠶᠢ ᠲᠡᠪᠴᠢᠬᠦ︾ ᠭᠤᠣᠯ ᠰᠡᠳᠦᠪᠲᠦ ᠰᠠᠶᠢᠨ ᠳᠤᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠨᠡᠶᠢᠭᠡᠮ ᠲᠣᠭᠤᠷᠢᠭ ᠲᠤ ᠬᠦᠷᠴᠦ ᠰᠠᠭᠤᠭᠠᠯᠢ ᠠᠷᠠᠳ ᠲᠤ ︽ᠰᠤᠷᠭᠠᠭᠤᠯᠢ  ᠲᠡᠪᠰᠢᠭᠰᠡᠨ ᠳᠠᠶᠢᠯᠠᠯᠭ᠎ᠠ ᠶᠢ ᠲᠡᠪᠴᠢᠬᠦ︾ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ  ᠵᠢᠷᠤᠮᠯᠠᠬᠤ ᠬᠡᠷᠡᠭᠳᠠᠢ ᠭᠡᠵᠦ ᠰᠠᠨᠠᠭᠠᠴᠢᠯᠠᠪᠠ᠃
微信图片_20220623102013.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号