| | 6 ᠰᠠᠷ᠎ᠠ ᠶᠢᠨ 22 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠸ | ᡁᠢ ᠹᠧᠩ ᠬᠠᠮᠲᠤ ᠶᠠᠪᠣᠭᠰᠠᠳ ᠲᠠᠢ ᠪᠠᠨ ᠵᠠᠷᠤᠳ ᠬᠤᠰᠢᠭᠤᠨ ᠳᠤ ᠢᠷᠡᠵᠦ ᠬᠤᠰᠢᠭᠤ ᠰᠢᠶᠠᠨ ᠬᠤᠲᠠ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠵᠤ ᠰᠠᠶᠢᠵᠢᠷᠠᠭᠤᠯᠤᠭᠰᠠᠨ ᠪᠠᠶᠢᠳᠠᠯ ᠢ | ᠪᠠᠶᠢᠴᠠᠭᠠᠨ ᠰᠤᠳᠣᠯᠵᠤ᠂ ᠵᠢᠴᠢ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠯᠢᠦ ᠶᠦᠩ᠂ ᠳᠡᠳ᠋ ᠲᠡᠷᠢᠭᠦᠯᠡᠭᠴᠢ ᠮᠦᠩᠭᠦᠨᠬᠤᠸᠠᠷ᠂ ᠸᠠᠩ ᠴᠧᠩ ᠬᠤᠷᠠᠯ ᠳᠤ | ᠣᠷᠣᠯᠴᠠᠵᠤ᠂ ᠬᠡᠰᠡᠭ ᠬᠤᠲᠠ᠂ ᠬᠤᠰᠢᠭᠤ ᠬᠤᠶᠠᠷ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ | ᠬᠤᠷᠠᠯ ᠳᠤ ᠣᠷᠣᠯᠴᠠᠪᠠ᠃ | | ᠰᠠᠭᠤᠳᠠᠯ ᠤᠨ ᠬᠤᠷᠠᠯ ᠳᠡᠭᠡᠷ᠎ᠡ᠂ ᠯᠢᠦ ᠶᠦᠩ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯ | ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠯ ᠰᠠᠨᠠᠭᠤᠯᠭ᠎ᠠ ᠵᠡᠷᠭᠡ ᠳᠥᠷᠪᠡᠨ ᠲᠠᠯ᠎ᠠ ᠪᠠᠷ | ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ︽ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ | ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠷᠠᠯ ᠳᠤ ᠣᠷᠣᠯᠴᠠᠭᠰᠠᠳ ᠥᠪᠡᠷ ᠥᠪᠡᠷ ᠤᠨ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ | ᠲᠥᠷᠥ ᠶᠢᠨ ᠵᠥᠪᠯᠡᠯᠭᠡᠨ ᠤ ᠠᠵᠢᠯ ᠢ ᠬᠡᠷᠬᠢᠨ ᠨᠠᠩ ᠰᠠᠶᠢᠨ ᠴᠢᠩᠭᠠᠳᠬᠠᠨ ᠰᠠᠶᠢᠵᠢᠷᠠᠭᠤᠯᠬᠤ︾ ᠲᠤᠬᠠᠢ ᠶᠠᠷᠢᠶ᠎ᠠ | ᠲᠠᠯᠪᠢᠵᠤ᠂ ᠵᠢᠴᠢ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠨ | ᠶᠠᠷᠢᠯᠴᠠᠪᠠ᠃ | | ᠭᠤᠸ ᡁᠢ ᠹᠧᠩ ᠴᠢᠬᠤᠯᠠᠴᠢᠯᠠᠭᠰᠠᠨ ᠨᠢ᠂ ᠵᠠᠷᠤᠳ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠬᠢᠨ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠲᠤᠷᠰᠢᠯᠭ᠎ᠠ ᠰᠣᠯᠢᠯᠴᠠᠬᠤ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ | ᠤᠯᠤᠰ ᠲᠦᠷᠦ ᠶᠢᠨ ᠵᠥᠪᠯᠡᠯᠭᠡᠨ ᠤ ᠵᠦᠪᠯᠡᠯᠳᠦᠬᠦ ᠪᠠ ᠦᠨᠳᠦᠰᠦᠨ ᠱᠠᠲᠤᠨ ᠤ ᠠᠷᠠᠳᠴᠢᠯᠠᠯ ᠢᠶᠠᠷ ᠵᠦᠪᠯᠡᠯᠳᠦᠬᠦ ᠶᠢ | ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠪᠠᠶᠢᠭᠤᠯᠤᠯᠲᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠠᠵᠢᠯ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠠᠮᠲᠤ ᠪᠠᠷ ᠲᠦᠯᠦᠪᠵᠢᠭᠦᠯᠦᠨ ᠪᠠᠶᠢᠷᠢᠯᠠᠭᠤᠯᠵᠤ ᠬᠠᠮᠲᠤ ᠪᠠᠷ | ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠪᠠᠶᠢᠭᠤᠯᠤᠨ | ᠬᠦᠴᠦᠷᠬᠡᠭᠵᠢᠭᠦᠯᠬᠦ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠰᠲ᠋ᠧᠮ ᠤᠨ ᠦᠢᠯᠡᠳᠦᠯ ᠴᠢᠳᠠᠪᠤᠷᠢ ᠶᠢ | ᠪᠠᠳᠠᠷᠠᠭᠤᠯᠵᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠲᠤᠰᠬᠠᠢ ᠵᠥᠪᠯᠡᠯ ᠪᠠ ᠡᠯ᠎ᠡ ᠬᠤᠰᠢᠭᠤ | ᠰᠢᠶᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠠᠵᠢᠯ ᠤᠨ ᠦᠷᠳᠡᠭᠡ ᠶᠢ ᠲᠦᠰᠢᠭᠯᠡᠨ᠂ ︽ | ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠰᠠᠨᠠᠯ︾ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠪᠣᠳᠠᠲᠠᠢ ᠨᠠᠶᠢᠲᠠᠪᠣᠷᠢᠵᠢᠭᠤᠯᠬᠤ | ᠬᠡᠷᠡᠭᠲᠡᠢ᠃ ᠨᠠᠮ ᠤᠨ ᠪᠠᠶᠢᠭᠤᠯᠤᠯᠲᠠ ᠪᠣᠯᠣᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠭᠦᠨᠵᠡᠭᠡᠢ | ᠠᠭᠤᠰᠤᠯᠴᠠᠭᠤᠯᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ | ᠪᠣᠯᠣᠨ ᠨᠠᠮ ᠤᠨ ᠠᠵᠢᠯ ᠤᠨ ᠪᠦᠲᠦᠮᠵᠢᠲᠡᠶ ᠬᠠᠮᠤᠷᠬᠤ ᠶᠢ ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠢᠮᠠᠭᠲᠠ | ᠪᠠᠷᠢᠮᠲᠠᠯᠠᠵᠤ᠂ ᠨᠢᠭᠡᠳᠦᠯᠲᠡᠢ ᠱᠠᠭᠠᠷᠳᠠᠯᠭ᠎ᠠ ᠳᠣᠣᠷ᠎ᠠ ᠠᠮᠢᠳᠣᠯᠢᠭ ᠢᠶᠠᠷ ᠵᠥᠪᠯᠡᠬᠦ ᠲᠠᠪᠴᠠᠩ ᠪᠠᠶᠢᠭᠤᠯᠬᠤ᠂ ᠤᠳᠤ ᠶᠢᠨ | ᠪᠠᠶᠢᠷᠢᠰᠢᠯ ᠤᠨ ᠳᠣᠣᠷ᠎ᠠ ᠳᠦᠷᠢᠮ ᠲᠣᠭᠲᠠᠴᠠ ᠶᠢ ᠵᠣᠬᠢᠰᠲᠠᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ | ᠤᠯᠤᠰ ᠲᠦᠷᠦ ᠶᠢᠨ ᠵᠥᠪᠯᠡᠯᠭᠡᠨ ᠤ ᠵᠦᠪᠯᠡᠯᠳᠦᠬᠦ ᠪᠣᠯᠣᠨ ᠦᠨᠳᠦᠰᠦᠨ ᠱᠠᠲᠤᠨ ᠤ ᠠᠷᠠᠳᠴᠢᠯᠠᠯ ᠢᠶᠠᠷ | ᠵᠦᠪᠯᠡᠯᠳᠦᠬᠦ ᠶᠢ ᠡᠮᠬᠢ ᠵᠢᠷᠤᠮ ᠲᠠᠢ ᠵᠣᠯᠭᠠᠭᠤᠯᠬᠤ ᠶᠢ ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ | ᠪᠠᠶᠢᠭᠤᠯᠤᠯᠲᠠ ᠶᠢᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠳᠠᠬᠢ ᠴᠢᠬᠤᠯᠠ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ᠂ ᠵᠠᠷᠣᠳ ᠤᠨ ᠴᠢᠨᠠᠷ ᠰᠠᠶᠢᠲᠠᠢ ᠬᠥᠭᠵᠢᠯᠲᠡ ᠶᠢ ᠪᠢᠴᠢᠭᠯᠡᠬᠦ ᠳᠤ ᠤᠯᠤᠰ ᠲᠦᠷᠦ ᠶᠢᠨ | ᠵᠥᠪᠯᠡᠯᠭᠡᠨ ᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃ | | ᠯᠢᠦ ᠶᠦᠩ ᠢᠯᠡᠷᠬᠡᠶᠢᠯᠡᠭᠰᠡᠨ ᠨᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠬᠢᠨ ︽ᠭᠤᠷᠪᠠ | ᠬᠠᠷᠢᠯᠴᠠᠵᠤ ᠬᠤᠶᠠᠷ ᠢ ᠬᠠᠮᠤᠷᠬᠤ︾ ᠪᠠ ᠭᠡᠰᠢᠭᠦᠨ ᠢ ᠰᠤᠷᠪᠤᠯᠵᠢᠯᠠᠬᠤ ᠳᠦᠷᠢᠮ ᠢ ᠤᠯᠠᠮ ᠨᠢᠭᠡ ᠠᠯᠬᠤᠮ | ᠪᠠᠷᠢᠮᠲᠠᠯᠠᠵᠤ᠂ ᠪᠥᠬᠦ ᠵᠦᠪᠯᠡᠯ ᠤᠨ ᠬᠢ᠊ ᠤᠨ ᠪᠦᠬᠦᠯᠢ ᠴᠣᠭᠴᠠ ᠶᠢᠨ ᠵᠥᠪᠯᠡᠯᠭᠡ᠂ ᠪᠠᠶᠢᠩᠭᠤ ᠶᠢᠨ ᠬᠤᠷᠢᠶᠠᠨ ᠤ | ᠲᠤᠰᠬᠠᠢ ᠰᠡᠳᠦᠪᠲᠦ ᠵᠥᠪᠯᠡᠯᠭᠡ᠂ ᠲᠤᠰᠬᠠᠢ ᠵᠦᠪᠯᠡᠯ ᠤᠨ ᠠᠵᠢᠯ ᠲᠥᠷᠥᠯ ᠤᠨ ᠵᠥᠪᠯᠡᠯᠭᠡ᠂ ᠰᠠᠨᠠᠯ ᠳᠤᠷᠠᠳᠤᠯᠭ᠎ᠠ ᠶᠢ | ᠰᠢᠢᠳᠪᠦᠷᠢᠯᠡᠬᠦ ᠵᠥᠪᠯᠡᠯᠭᠡ ᠪᠠ ᠡᠲᠡᠭᠡᠳ ᠢᠯᠭᠠᠯ ᠤᠨ ᠵᠥᠪᠯᠡᠯᠭᠡᠨ ᠤ ᠠᠵᠢᠯᠯᠠᠭ᠎ᠠ ᠶᠢᠨ ᠳᠤᠮᠳᠠ ᠪᠠᠨ ᠬᠠᠮᠲᠤ ᠶᠢᠨ | ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠎ᠠ᠃ ᠡᠭᠦᠨ ᠤ ᠬᠠᠮᠲᠤ ᠲᠣᠰ ᠤᠳᠠᠭᠠᠨ ᠤ ᠶᠡᠷᠦᠩᠬᠡᠶᠢᠯᠡᠭᠰᠡᠨ | ᠪᠠᠶᠢᠴᠠᠭᠠᠨ ᠰᠤᠳᠤᠯᠤᠯᠲᠠ ᠪᠠᠷ ᠡᠬᠢᠯᠡᠯᠲᠡ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠪᠠᠷᠢᠮᠵᠢᠶ᠎ᠠ ᠲᠠᠢ ᠬᠠᠷᠭᠤᠭᠤᠯᠵᠤ᠂ | ᠳᠣᠲᠠᠭᠳᠠᠯ ᠢᠶᠠᠨ ᠨᠥᠬᠦᠪᠦᠷᠢᠯᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠵᠥᠪᠯᠡᠬᠦ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠬᠤ᠂ ︽ᠬᠤᠶᠠᠷ ᠲᠠᠯ᠎ᠠ ᠪᠠᠷ ᠬᠦᠴᠦᠯᠡᠬᠦ︾ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ | ᠭᠡᠰᠢᠭᠦᠳ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠦᠷᠭᠦᠯᠵᠢᠯᠡᠨ | ᠬᠦᠴᠦᠯᠡᠬᠦ ᠪᠣᠯᠣᠨ᠎ᠠ᠃ ᠰᠤᠷᠤᠯᠴᠠᠵᠤ ᠰᠣᠯᠢᠯᠴᠠᠬᠤ ᠲᠣᠭᠲᠠᠴᠠ ᠶᠢ ᠪᠠᠶᠢᠭᠤᠯᠵᠤ᠂ ᠪᠦᠬᠦ ᠬᠤᠲᠠ ᠶᠢᠨ ᠤᠯᠤᠰ | ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠵᠦ᠂ ᠭᠠᠳᠠᠨ᠎ᠠ ᠭᠠᠵᠠᠷ | ᠣᠴᠢᠵᠤ ᠰᠤᠷᠤᠯᠴᠠᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ | ᠤᠨᠤᠯ ᠤᠨ ᠮᠡᠳᠡᠯᠭᠡ ᠪᠠ ᠦᠭᠡᠷ᠎ᠡ ᠭᠠᠵᠠᠷ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠨ ᠤ ᠲᠤᠷᠰᠢᠯᠭ᠎ᠠ ᠶᠢ | ᠰᠤᠷᠤᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠬᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ | ᠪᠠ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠤᠯᠤᠰ ᠲᠦᠷᠦ ᠶᠢᠨ | ᠵᠥᠪᠯᠡᠯᠭᠡᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠣᠨ᠎ᠠ ᠭᠡᠪᠡ᠃ | | | |