ᠵᠠᠬᠠᠨᠠᠭᠤᠷ ᠨᠡᠭᠦᠷᠡᠰᠦᠨ ᠠᠭᠤᠷᠬᠠᠢ ᠶᠢᠨ ᠲᠡᠮᠦᠷ ᠵᠠᠮ ᠤᠨ ᠲᠤᠰᠬᠠᠢ ᠱᠤᠭᠤᠮ ᠤᠨ ᠲᠥᠷᠥᠯ ᠵᠦᠢᠯ ᠢ ᠬᠢᠨᠠᠨ ᠵᠦᠪᠰᠢᠶᠡᠷᠡᠭᠦᠯᠬᠦ ᠠᠵᠢᠯ ᠲᠦᠩᠯᠢᠶᠣᠣ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠣᠬᠤᠯᠠᠪᠤᠷᠢ ᠶᠢ ᠣᠯᠪᠠ
ᠨᠡᠶᠢᠲᠡᠯᠡᠭᠰᠡᠨ ᠴᠠᠭ᠄
2022/6/24
    ᠣᠶᠢᠷ᠎ᠠ ᠳᠤ᠂ ᠵᠠᠬᠠᠨᠠᠭᠤᠷ ᠨᠡᠭᠦᠷᠡᠰᠦᠨ ᠠᠭᠤᠷᠬᠠᠢ ᠶᠢᠨ ᠲᠡᠮᠦᠷ ᠵᠠᠮ ᠤᠨ ᠲᠤᠰᠬᠠᠢ ᠱᠤᠭᠤᠮ ᠤᠨ ᠲᠥᠷᠥᠯ ᠵᠦᠢᠯ ᠢ ᠬᠢᠨᠠᠨ ᠵᠦᠪᠰᠢᠶᠡᠷᠡᠭᠦᠯᠬᠦ ᠠᠵᠢᠯ ᠲᠦᠩᠯᠢᠶᠣᠣ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠣᠬᠤᠯᠠᠪᠤᠷᠢ ᠶᠢ ᠣᠯᠪᠠ᠃ ᠲᠣᠰ ᠲᠥᠷᠥᠯ ᠵᠦᠢᠯ ᠨᠢ ᠵᠠᠷᠤᠳ ᠬᠤᠰᠢᠭᠤᠨ ᠤ ᠵᠠᠬᠠᠨᠠᠭᠤᠷ ᠠᠵᠤ ᠦᠢᠯᠡᠰ ᠤᠨ  ᠲᠤᠭᠤᠷᠢᠭ ᠳᠤ ᠪᠠᠶᠢᠷᠢᠯᠠᠵᠤ᠂ ᠶᠡᠷᠦᠩᠬᠡᠢ ᠲᠠᠯᠠᠪᠠᠶ ᠨᠢ ᠪᠠᠷᠤᠭ 40 ᠲᠦᠮᠡᠨ ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ ᠪᠠᠷᠤᠭ 14 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯ ᠪᠠᠶᠢᠭᠤᠯᠤᠯᠲᠠ ᠨᠢ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶᠢᠯᠡᠭᠰᠡᠨ ᠠᠰᠠᠷ᠂ ᠨᠢᠭᠤᠷ ᠲᠠᠯ᠎ᠠ ᠶᠢᠨ ᠳᠡᠭᠦᠵᠢᠯᠡᠭᠦᠷ ᠬᠥᠮᠥᠷᠭᠡ᠂ ᠴᠢᠩᠭᠡᠯᠢᠭ ᠤᠨ ᠲᠠᠯᠠᠪᠤᠷ ᠤᠨ ᠠᠯᠪᠠᠨ ᠤ ᠭᠡᠷ ᠪᠠᠶᠢᠰᠢᠩ᠂ ᠤᠳᠬᠤᠭᠤᠷ ᠲᠡᠷᠭᠡᠨ ᠤ ᠬᠥᠮᠥᠷᠭᠡ᠂ ᠭᠠᠯ ᠤᠨᠲᠠᠷᠠᠭᠠᠬᠤ ᠬᠥᠭᠡᠷᠭᠡ ᠶᠢᠨ ᠭᠡᠷ᠂ ᠤᠰᠤᠨ ᠰᠤᠷᠪᠤᠯᠵᠢ ᠶᠢᠨ ᠬᠥᠭᠡᠷᠭᠡ ᠶᠢᠨ ᠭᠡᠷ᠂ ᠡᠭᠦᠳᠡᠨ ᠬᠠᠷᠠᠭᠤᠯ ᠤᠨ ᠭᠡᠷ᠂ ᠪᠢᠲᠡᠭᠦᠮᠵᠢᠯᠡᠭᠰᠡᠨ ᠮᠠᠶ᠋ᠢᠭ ᠤᠨ ᠨᠡᠭᠦᠷᠡᠰᠦ ᠬᠠᠳᠠᠭᠠᠯᠠᠬᠤ ᠫᠧᠩ ᠵᠢᠴᠢ ᠵᠠᠮ ᠱᠤᠭᠤᠮ ᠢ ᠬᠠᠳᠠᠭᠤᠷᠠᠭᠤᠯᠬᠤ ᠵᠡᠷᠭᠡ ᠶᠢ ᠪᠠᠭᠲᠠᠭᠠᠵᠤ᠂ ᠦᠢᠯᠡᠳᠪᠦᠷᠢ ᠶᠢᠨ ᠲᠣᠭᠤᠷᠢᠭ ᠲᠤ ᠨᠡᠶᠢᠲᠡ 4 ᠵᠤᠷᠪᠤᠰ ᠲᠡᠮᠦᠷ ᠵᠠᠮ ᠤᠨ ᠱᠤᠭᠤᠮ ᠲᠣᠬᠢᠷᠠᠭᠤᠯᠤᠨ᠎ᠠ ᠃ ᠡᠭᠦᠨ ᠳᠤ ᠴᠢᠩᠭᠡᠯᠢᠭ ᠤᠨ ᠠᠴᠢᠶᠠᠯᠠᠵᠤ ᠪᠠᠭᠤᠯᠭᠠᠬᠤ  ᠵᠠᠮ 2᠂ ᠰᠤᠯᠠ ᠨᠡᠭᠦᠷᠡᠰᠦ ᠶᠢ ᠠᠴᠢᠶᠠᠯᠠᠵᠤ ᠪᠠᠭᠤᠯᠭᠠᠬᠤ ᠵᠠᠮ 1᠂ ᠪᠤᠬ᠎ᠠ ᠲᠡᠷᠭᠡ ᠬᠦᠶᠤᠬᠦ ᠵᠠᠮ 1 ᠪᠠᠶᠢᠵᠤ᠂ ᠨᠡᠶᠢᠲᠡ 6.56 ᠺᠢᠯᠣᠮᠧᠲᠷ ᠲᠡᠮᠦᠷ ᠵᠠᠮ ᠲᠡᠪᠢᠰᠤᠨ᠎ᠡ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 5.84 ᠳ᠋ᠦᠩᠰᠢᠭᠤᠷ ᠲᠥᠭᠦᠷᠢᠭ᠂ ᠲᠦᠯᠤᠪᠯᠡᠭᠰᠡᠨ ᠢᠶᠠᠷ ᠪᠠᠷᠢᠯᠭ᠎ᠠ ᠶᠢᠨ ᠪᠦᠲᠦᠭᠡᠨ ᠪᠠᠶᠢᠭᠤᠯᠬᠤ ᠬᠤᠭᠤᠴᠠᠭ᠎ᠠ ᠨᠢ 2 ᠵᠢᠯ ᠪᠣᠯᠣᠨ᠎ᠠ᠃
微信图片_20220624105832.jpg
     ᠲᠣᠰ ᠲᠥᠷᠥᠯ ᠤᠨ ᠪᠦᠲᠦᠭᠡᠨ ᠪᠠᠶᠢᠭᠤᠯᠤᠯᠲᠠ ᠪᠣᠯ ᠤᠯᠤᠰ ᠤᠨ ᠲᠡᠮᠦᠷ ᠵᠠᠮ ᠤᠨ ᠲᠡᠭᠡᠭᠡᠪᠤᠷᠢ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠦᠩᠯᠢᠶᠣᠣ ᠬᠤᠲᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠬᠡᠷᠡᠭᠴᠡᠭᠡ ᠮᠥᠨ︔ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠡᠷᠡᠭᠴᠡᠭᠡ ᠮᠥᠨ︔ ︽ᠲᠡᠭᠡᠭᠡᠪᠦᠷᠢ ᠶᠢᠨ ᠪᠦᠲᠦᠴᠡ ᠳᠤ ᠲᠤᠬᠢᠷᠠᠭᠤᠯᠤᠯᠳᠠ ᠬᠢᠵᠦ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠨᠡᠮᠡᠭᠳᠡᠭᠦᠯᠬᠦ︾ ᠲᠤᠬᠠᠢ ᠤᠯᠤᠰ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠬᠡᠷᠡᠭᠴᠡᠭᠡ ᠮᠥᠨ᠃     ᠵᠠᠬᠠᠨᠠᠭᠤᠷ ᠨᠡᠭᠦᠷᠡᠰᠦᠨ ᠤ ᠲᠡᠮᠦᠷ ᠵᠠᠮ ᠤᠨ ᠲᠤᠰᠬᠠᠢ ᠱᠤᠭᠤᠮ ᠢ ᠪᠠᠶᠢᠭᠤᠯᠤᠭᠰᠠᠨ ᠨᠢ ᠣᠷᠣᠨ ᠨᠤᠲᠤᠭ ᠤᠨ ᠠᠵᠤ ᠠᠬᠤᠢ ᠪᠠ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠳᠤ ᠯᠤᠲᠤ ᠶᠡᠭᠡ ᠠᠴᠢ ᠬᠤᠯᠪᠣᠭᠳᠠᠯ ᠲᠠᠢ ᠶᠤᠮ᠃ ᠨᠢᠭᠡ ᠳᠤ᠂ ᠪᠦᠭᠦ ᠬᠤᠰᠢᠭᠤᠨ ᠤ ᠠᠵᠤ ᠠᠬᠤᠢ ᠶᠢᠨ ᠪᠦᠳᠤᠭᠡᠨ ᠪᠠᠶᠢᠭᠤᠯᠤᠯᠲᠠ ᠶᠢ ᠠᠬᠢᠭᠤᠯᠵᠤ᠂ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢ ᠨᠡᠮᠡᠭᠳᠡᠭᠦᠯᠵᠦ᠂ ᠰᠠᠭᠤᠷᠢ ᠲᠥᠬᠦᠭᠡᠷᠦᠮᠵᠢ ᠶᠢᠨ ᠪᠦᠳᠤᠭᠡᠨ ᠪᠠᠶᠢᠭᠤᠯᠤᠯᠲᠠ ᠶᠢ ᠲᠦᠷᠭᠡᠳᠭᠡᠵᠦ᠂ ᠪᠡᠯᠡ ᠣᠷᠣᠭᠤᠯᠤᠯᠲᠠ ᠶᠢᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ︔ ᠬᠤᠶᠠᠷ ᠲᠤ ᠡᠷᠬᠢᠨ ᠲᠣᠭᠤᠷᠢᠨ ᠤ ᠭᠠᠵᠠᠷ ᠣᠷᠣᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠ ᠠᠵᠤ ᠠᠬᠤᠢ ᠶᠢᠨ ᠬᠥᠭᠵᠢᠯᠲᠡ ᠶᠢ ᠲᠠᠶᠢᠴᠢᠯᠠᠵᠤ᠂ ᠠᠵᠤ ᠦᠢᠯᠡᠰ ᠤᠨ ᠪᠦᠲᠦᠴᠡ ᠶᠢ ᠶᠡᠭᠡ ᠬᠡᠪᠴᠢᠶ᠎ᠡ ᠪᠠᠷ ᠲᠣᠬᠢᠷᠠᠭᠤᠯᠬᠤ ᠶᠢ ᠪᠡᠶᠡᠯᠡᠭᠦᠯᠦᠨ᠎ᠡ︔ ᠭᠤᠷᠪᠠ ᠳᠤ ᠡᠬᠢ ᠪᠠᠶᠠᠯᠢᠭ ᠤᠨ ᠳᠠᠪᠠᠭᠤᠯᠢᠭ ᠢᠶᠠᠨ ᠵᠦᠢ ᠵᠣᠬᠢᠰᠲᠠᠢ ᠠᠰᠢᠭᠯᠠᠵᠤ᠂ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ ᠢ ᠬᠤᠪᠢᠷᠠᠭᠤᠯᠬᠤ ᠶᠢ ᠲᠦᠷᠭᠡᠳᠬᠡᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠠᠯᠬᠤᠴᠠ ᠶᠢ ᠲᠦᠷᠭᠡᠳᠬᠡᠵᠦ᠂ ᠭᠠᠵᠠᠷ ᠣᠷᠣᠨ ᠤ ᠠᠵᠤ ᠠᠬᠤᠢ ᠶᠢ ᠴᠡᠴᠡᠭᠯᠡᠭᠦᠯᠦᠨ ᠬᠦᠭᠵᠢᠭᠦᠯᠤᠨ᠎ᠡ︔ ᠳᠥᠷᠪᠡ ᠳᠤ ᠶᠡᠭᠡ ᠬᠡᠮᠵᠢᠶᠡᠨ ᠤ ᠠᠵᠢᠯ ᠣᠯᠬᠤ ᠲᠣᠬᠢᠶᠠᠯ ᠤᠯᠭᠤᠵᠦ᠂ ᠠᠵᠢᠯ ᠤᠨ ᠪᠠᠶᠢᠷᠢ ᠠᠴᠠ ᠪᠠᠨ ᠪᠠᠭᠤᠭᠰᠠᠳ ᠤᠨ ᠲᠠᠬᠢᠨ ᠠᠵᠢᠯ ᠣᠯᠬᠤ ᠠᠰᠠᠭᠤᠳᠠᠯ ᠢ ᠰᠢᠢᠳᠪᠦᠷᠢᠯᠡᠨ᠎ᠡ ︔ ᠲᠠᠪᠤ ᠳᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠴᠢᠳᠠᠮᠵᠢ ᠶᠢ ᠳᠡᠭᠡᠭᠰᠢᠯᠡᠭᠦᠯᠵᠦ᠂ ᠲᠠᠸᠠᠷ ᠤᠨ ᠭᠦᠢᠯᠭᠡᠭᠡᠨ ᠤ ᠵᠠᠬ᠎ᠠ ᠳᠡᠯᠭᠡᠭᠦᠷ ᠤᠨ ᠵᠢᠷᠤᠮᠵᠢᠯ ᠲᠠᠢ ᠡᠮᠬᠢ ᠵᠢᠷᠤᠮ ᠲᠠᠢ ᠪᠣᠯᠪᠠᠰᠤᠷᠠᠩᠭᠤᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号