ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠵᠦ ᠬᠠᠮᠲᠤ ᠶᠢᠨ ᠬᠥᠭᠵᠢᠯᠲᠡ ᠶᠢ ᠠᠬᠢᠭᠤᠯᠵᠤ ᠵᠠᠷᠤᠳ ᠬᠤᠰᠢᠭᠤ ᠲᠦᠷᠦᠯ ᠵᠦᠢᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/6/27
    6 ᠰᠠᠷ᠎ᠠ ᠶᠢᠨ 24 ᠤ ᠡᠳᠦᠷ᠂ ᠵᠠᠷᠤᠳ ᠬᠤᠰᠢᠭᠤ ᠲᠣᠰ ᠪᠦᠷᠢ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ᠂ ᠳᠤᠮᠳᠠᠳᠤ ᠤᠯᠤᠰ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠢᠨ ᠬᠤᠶᠠᠳᠤᠭᠠᠷ ᠲᠣᠪᠴᠢᠶ᠎ᠠ᠂ ᠯᠦ ᠨᠧᠩ ᠰᠢᠨ᠎ᠡ ᠡᠨᠧᠷᠭᠢ᠂ ᠮᠣᠩᠭᠤᠯ ᠡᠮ ᠤᠨ ᠬᠤᠪᠢ ᠣᠷᠣᠭᠤᠯᠤᠯᠲᠠ᠂ ᠵᠦᠩ ᠴᠢᠩ ᠡᠳ᠋ ᠪᠠᠷᠠᠭᠠᠨ ᠤ ᠬᠤᠯᠪᠣᠭ᠎ᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠣᠯᠠᠨ ᠠᠵᠤ ᠠᠬᠤᠶᠢᠯᠠᠯ ᠲᠠᠢ ᠲᠥᠷᠥᠯ ᠵᠦᠢᠯ ᠤᠨ ᠰᠠᠭᠤᠳᠠᠯ ᠤᠨ ᠬᠤᠷᠠᠯ ᠬᠢᠵᠦ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ᠂ ᠺᠠᠩ ᠨᠠᠢ ᠡᠯ ᠨᠡᠭᠦᠷᠡᠰᠦ ᠪᠠᠷ ᠡᠲ᠋ᠢᠯ ᠬᠤᠶᠠᠷᠴᠢ ᠠᠯᠺᠣᠣᠯ ᠦᠶᠯᠡᠳᠬᠦ ᠲᠥᠷᠥᠯ ᠵᠦᠢᠯ᠂ ᠰᠣᠶᠣᠯ ᠵᠢᠭᠤᠯᠴᠢᠯᠠᠯ ᠤᠨ ᠲᠥᠷᠥᠯ ᠵᠦᠢᠯ᠂ ᠣᠶᠤᠨᠲᠤ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢᠨ ᠲᠠᠪᠴᠠᠩ ᠤᠨ ᠲᠥᠷᠥᠯ ᠵᠦᠢᠯ ᠵᠡᠷᠭᠡ ᠲᠥᠷᠥᠯ ᠵᠦᠢᠯ ᠤᠨ ᠬᠠᠮᠲᠤᠷᠠᠯᠴᠠᠭᠠᠨ ᠤ ᠲᠠᠯ᠎ᠠ ᠪᠠᠷ ᠵᠣᠯᠭᠠᠭᠤᠯᠤᠨ ᠵᠥᠪᠳᠡᠯᠴᠡᠪᠡ᠃ ᠬᠤᠰᠢᠭᠤᠨ ᠤ ᠤᠳᠤᠷᠢᠳᠤᠯᠭ᠎ᠠ ᠱᠣᠸ ᠶᠠᠨ ᠵᠢᠶᠦ᠋ᠨ᠂ ᠯᠢ ᠢᠦᠢ ᠹᠦ᠋᠂ ᠶᠣᠣ ᠼᠠᠢ ᠶᠠᠨ᠂ ᠼᠦᠢ ᠯᠧᠢ ᠯᠧᠢ᠂ ᠯᠢ ᠶᠦᠩ ᠬᠠᠢ᠂ ᠳ᠋ᠢᠩ ᡁᠢ ᠭᠠᠩ ᠪᠣᠯᠣᠨ ᠬᠠᠮᠢᠶ᠎ᠠ ᠪᠦᠬᠦᠢ ᠠᠵᠤ ᠠᠬᠤᠶᠢᠯᠠᠯ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃
5daef5b724124276a0ad8cecae2cc639.jpg
    ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠠᠵᠤ ᠠᠬᠤᠶᠢᠯᠠᠯ ᠤᠨ ᠬᠢᠨ ᠵᠠᠷᠤᠳ ᠬᠤᠰᠢᠭᠤᠨ ᠳᠤ ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠬᠦ᠂ ᠪᠡᠯᠡ ᠣᠷᠣᠭᠤᠯᠤᠨ ᠦᠢᠯᠡᠰ ᠪᠣᠰᠬᠠᠬᠤ ᠪᠠᠷ ᠢᠷᠡᠭᠰᠡᠨ ᠳᠤ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ᠂ ᠵᠠᠷᠤᠳ ᠬᠤᠰᠢᠭᠤᠨ ᠤ ᠡᠯ᠎ᠡ ᠵᠦᠢᠯ ᠤᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠵᠤ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠶᠢᠨ ᠬᠥᠭᠵᠢᠯᠲᠡ ᠶᠢᠨ ᠰᠠᠭᠤᠷᠢ ᠲᠠᠢ ᠪᠠᠶᠢᠵᠤ᠂ ᠶᠠᠭ ᠬᠦᠭᠵᠢᠵᠦ ᠪᠠᠶᠢᠭ᠎ᠠ ᠭᠠᠵᠠᠷ ᠪᠣᠯᠣᠨ᠎ᠠ᠃ ᠵᠠᠷᠤᠳ ᠬᠤᠰᠢᠭᠤᠨ ᠤ ᠬᠢᠨ ᠠᠵᠤ ᠠᠬᠤᠶᠢᠯᠠᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠬᠠᠮᠲᠤ ᠠᠵᠤ ᠠᠬᠤᠶᠢᠯᠠᠯ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ᠂ ᠠᠵᠢᠯ ᠣᠯᠭᠤᠯᠲᠠ ᠶᠢ ᠠᠬᠢᠭᠤᠯᠬᠤ᠂ ᠭᠠᠶᠢᠯᠢ ᠲᠠᠲᠠᠪᠤᠷᠢ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠵᠠᠷᠤᠳ ᠬᠤᠰᠢᠭᠤᠨ ᠳᠤ ᠬᠦᠴᠦᠨ ᠨᠡᠮᠡᠷᠢᠯᠡᠵᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠣᠷᠢᠳᠠᠯ ᠳᠣᠣᠷ᠎ᠠ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃
8fadb75334d240188199359adac5ee47.jpg
    ᠡᠯ᠎ᠡ ᠠᠵᠤ ᠠᠬᠤᠶᠢᠯᠠᠯ ᠤᠨ ᠬᠢᠨ ᠵᠠᠷᠤᠳ ᠬᠤᠰᠢᠭᠤᠨ ᠤ ᠬᠥᠭᠵᠢᠯᠲᠡ ᠶᠢᠨ ᠣᠷᠴᠢᠨ ᠨᠦᠬᠦᠴᠡᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠵᠠᠷᠤᠳ ᠬᠤᠰᠢᠭᠤᠨ ᠤ ᠭᠠᠵᠠᠷ ᠨᠤᠲᠤᠭ ᠠᠭᠤᠳᠠᠮ ᠡᠳ᠋ ᠪᠠᠶᠠᠯᠢᠭ᠂ ᠡᠬᠢ ᠪᠠᠶᠠᠯᠢᠭ ᠡᠯᠪᠡᠭ ᠳᠡᠯᠪᠡᠭ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠰᠠᠶᠢᠨ᠂ ᠲᠤᠶᠢᠯ ᠤᠨ ᠶᠡᠭᠡ ᠪᠡᠯᠡ ᠣᠷᠣᠭᠤᠯᠬᠤ ᠳᠠᠯᠳᠠ ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠭᠡᠵᠦ ᠦᠵᠡᠵᠦ ᠪᠣᠶ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ᠂ ᠵᠠᠷᠤᠳ ᠬᠤᠰᠢᠭᠤᠨ ᠤ ᠡᠯ᠎ᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠲᠥᠰᠥᠯ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠲᠦᠷᠦᠯ ᠵᠦᠢᠯ ᠢ ᠲᠦᠷᠭᠡᠨ ᠪᠣᠲᠠᠲᠠᠶᠢᠵᠢᠭᠤᠯᠵᠤ᠂ ᠣᠷᠣᠨ ᠨᠤᠲᠤᠭ ᠤᠨ ᠡᠯ᠎ᠡ ᠲᠦᠷᠦᠯ ᠤᠨ ᠠᠵᠤ ᠦᠢᠯᠡᠰ ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠳᠤ ᠬᠦᠴᠦᠨ ᠨᠡᠮᠡᠷᠢᠯᠡᠵᠦ᠂ ᠣᠷᠣᠨ ᠨᠤᠲᠤᠭ ᠲᠠᠢ ᠬᠠᠮᠲᠤᠪᠠᠷ ᠵᠥᠪᠳᠡᠯᠴᠡᠵᠦ᠂ ᠬᠠᠮᠲᠤᠪᠠᠷ ᠪᠠᠶᠢᠭᠤᠯᠵᠤ᠂ ᠬᠠᠮᠲᠤᠪᠠᠷ ᠴᠢᠨᠠᠷ ᠰᠠᠶᠢᠲᠠᠢ ᠬᠦᠭᠵᠢᠭᠰᠡᠨ ᠦᠵᠡᠰᠬᠦᠯᠡᠩᠲᠦ ᠰᠠᠶᠢᠬᠠᠨ ᠵᠢᠷᠤᠭ ᠢ ᠴᠣᠭᠴᠠᠯᠠᠨ᠎ᠠ ᠭᠡᠵᠦ ᠲᠣᠰ ᠪᠦᠷᠢ ᠢᠯᠡᠳᠬᠡᠵᠡᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号