| | | 6 ᠰᠠᠷ᠎ᠠ ᠶᠢᠨ 25 ᠤ ᠡᠳᠦᠷ᠂ ᠵᠠᠷᠤᠳ ᠬᠤᠰᠢᠭᠤ ᠪᠣᠯᠣᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ | ᠪᠦᠲᠦᠭᠡᠨ ᠪᠠᠶᠢᠭᠤᠯᠤᠯᠲᠠ ᠶᠢᠨ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠴᠢᠬᠤᠯᠠ | ᠶᠡᠭᠡ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠬᠤᠰᠢᠭᠤᠨ ᠤ ᠤᠳᠤᠷᠢᠳᠤᠯᠭ᠎ᠠ | ᠱᠣᠸ ᠶᠠᠨ ᠵᠢᠶᠦ᠋ᠨ᠂ ᠪᠠᠲᠤ᠂ ᠵᠠᠩ ᠶᠦᠩ ᠴᠢᠶᠠᠩ᠂ ᠯᠢ ᠶᠦᠩ ᠬᠠᠢ᠂ ᠸᠠᠩ ᠴᠧᠩ ᠪᠣᠯᠣᠨ ᠳᠤᠮᠳᠠᠳᠤ | ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠣᠯᠲᠠ ᠬᠤᠲᠠ ᠶᠢᠨ ᠶᠠᠪᠤᠳᠠᠯ ᠤᠨ ᠪᠦᠲᠦᠭᠡᠨ | ᠪᠠᠶᠢᠭᠤᠯᠤᠯᠲᠠ ᠶᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠵᠠᠩ ᠢᠦᠢ ᠹᠦ᠋ ᠭᠠᠷ ᠤᠨ ᠥᠰᠥᠭ ᠵᠢᠷᠤᠬᠤ | ᠶᠣᠰᠣᠯᠠᠯ ᠳᠤ ᠣᠷᠣᠯᠴᠠᠪᠠ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠣᠯᠲᠠ | ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠡᠯ᠎ᠡ ᠲᠥᠷᠥᠯ ᠵᠦᠢᠯ ᠤᠨ ᠬᠡᠯᠲᠡᠰ ᠤᠨ | ᠬᠠᠷᠢᠭᠤᠴᠠᠯᠭᠠᠲᠠᠨ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ | ᠪᠠᠶᠢᠭᠤᠯᠤᠯᠲᠠ ᠶᠢᠨ ᠬᠤᠳᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠶᠡᠷᠦᠩᠬᠡᠢ | ᠳᠠᠭᠠᠭᠠᠮᠠᠯ ᠵᠠᠩ ᠢᠦᠢ ᠹᠦ᠋ ᠠᠴᠠ ᠵᠠᠷᠣᠳ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ | ᠪᠡᠯᠡ ᠣᠷᠣᠭᠤᠯᠵᠤ ᠨᠡᠭᠡᠭᠡᠨ ᠬᠥᠭᠵᠢᠭᠦᠯᠬᠦ ᠲᠦᠷᠦᠯ ᠵᠦᠢᠯ ᠤᠨ ᠪᠠᠶᠢᠳᠠᠯ ᠢ ᠲᠠᠨᠢᠯᠴᠠᠭᠤᠯᠪᠠ᠃ ᠬᠤᠰᠢᠭᠤᠨ ᠤ | ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠰᠠᠯᠠᠭ᠎ᠠ ᠮᠥᠴᠢᠷ ᠢ ᠲᠥᠯᠥᠭᠡᠯᠡᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠳᠠᠷᠠᠭ᠎ᠠ ᠪᠠᠷ ᠨᠢ ᠬᠤᠶᠠᠷ | ᠲᠠᠯ᠎ᠠ ᠪᠠᠷ ᠢᠶᠠᠨ ᠵᠠᠷᠣᠳ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠪᠡᠯᠡ ᠣᠷᠣᠭᠤᠯᠵᠤ | ᠨᠡᠭᠡᠭᠡᠨ ᠠᠰᠢᠭᠯᠠᠬᠤ ᠬᠡᠯᠡᠯᠴᠡᠭᠡᠷ ᠪᠢᠴᠢᠭ ᠲᠤ ᠭᠠᠷ ᠤᠨ ᠦᠰᠦᠭ ᠵᠢᠷᠤᠪᠠ᠃ | | ᠣᠶᠢᠯᠠᠭᠠᠭᠰᠠᠨ ᠢᠶᠠᠷ᠂ ᠵᠠᠷᠣᠳ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠨᠢ | ᠤᠯᠠᠭᠠᠨᠬᠠᠳᠠ ᠰᠤᠮᠤᠨ ᠤ ᠬᠢᠯᠢ ᠳᠤ ᠪᠠᠶᠢᠳᠠᠭ᠃ ᠲᠥᠷᠥᠯ ᠵᠦᠢᠯ ᠤᠨ ᠶᠡᠷᠦᠩᠬᠡᠢ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ ᠨᠢ 120 ᠲᠦᠮᠡᠨ ᠺᠢᠯᠣᠸᠠᠲ ᠲᠤ ᠬᠦᠷᠴᠦ᠂ ᠲᠥᠷᠥᠯ ᠵᠦᠢᠯ ᠤᠨ ᠲᠣᠭᠲᠠᠩᠭᠤᠢ ᠪᠡᠯᠡ | ᠣᠷᠣᠭᠤᠯᠤᠯᠲᠠ ᠨᠢ 84 ᠳ᠋ᠦᠩᠰᠢᠭᠤᠷ ᠲᠥᠭᠦᠷᠢᠭ ᠪᠣᠯᠣᠨ᠎ᠠ᠃ ᠤᠰᠤ ᠲᠠᠲᠠᠵᠤ ᠡᠨᠧᠷᠭᠢ ᠬᠠᠳᠠᠭᠠᠯᠠᠬᠤ ᠪᠣᠯ | ᠣᠳᠣᠬᠠᠨ ᠤ ᠮᠡᠷᠭᠡᠵᠢᠯ ᠢᠶᠠᠷ ᠬᠠᠮᠤᠭ ᠤᠨ ᠪᠣᠯᠪᠠᠰᠤᠷᠠᠩᠭᠤᠢ᠂ ᠠᠵᠤ ᠠᠬᠤᠢ ᠶᠢᠨ ᠴᠢᠨᠠᠷ ᠢᠶᠠᠷ ᠬᠠᠮᠤᠭ ᠤᠨ ᠰᠢᠯᠢᠳᠡᠭ | ᠂ ᠬᠠᠮᠤᠭ ᠤᠨ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠬᠤ ᠨᠥᠬᠦᠴᠡᠯ ᠲᠠᠢ ᠴᠠᠬᠢᠯᠭᠠᠨ ᠬᠦᠴᠦᠨ ᠤ ᠰᠢᠰᠲ᠋ᠧᠮ ᠤᠨ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠠᠰᠢᠯᠠᠭᠤᠯᠬᠤ ᠴᠡᠪᠡᠷ ᠪᠥᠭᠡᠳ ᠠᠮᠢᠳᠤᠯᠢᠭ ᠲᠣᠬᠢᠷᠠᠭᠤᠯᠬᠤ | ᠴᠠᠬᠢᠯᠭᠠᠨ ᠡᠭᠦᠰᠬᠡᠭᠴᠢ ᠪᠣᠯᠣᠨ᠎ᠠ᠃ ᠲᠥᠷᠥᠯ ᠵᠦᠢᠯ ᠤᠨ ᠭᠡᠷ᠎ᠡ ᠲᠣᠭᠲᠠᠭᠰᠠᠨ ᠨᠢ ᠪᠥᠬᠦ ᠬᠤᠰᠢᠭᠤᠨ ᠤ ᠬᠢᠯᠢ | ᠳᠣᠲᠣᠷᠠᠬᠢ ᠡᠨᠧᠷᠭᠢ ᠬᠠᠳᠠᠭᠠᠯᠠᠬᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠡᠬᠢ ᠪᠠᠶᠠᠯᠢᠭ ᠤᠨ ᠲᠥᠷᠥᠯᠬᠢ | ᠳᠠᠪᠠᠭᠤᠯᠢᠭ ᠢᠶᠠᠨ ᠠᠯᠢ ᠲᠦᠷᠭᠡᠨ ᠢᠶᠠᠷ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ | ᠂ ᠪᠥᠬᠦ ᠬᠤᠰᠢᠭᠤᠨ ᠤ ᠠᠵᠢᠯ ᠣᠯᠭᠤᠯᠲᠠ ᠶᠢ ᠰᠢᠢᠳᠪᠦᠷᠢᠯᠡᠬᠦ᠂ ᠣᠷᠣᠨ ᠨᠤᠲᠤᠭ ᠤᠨ ᠭᠠᠶᠢᠯᠢ ᠲᠠᠲᠠᠪᠤᠷᠢ ᠶᠢ | ᠨᠡᠮᠡᠭᠳᠡᠭᠦᠯᠬᠦ᠂ ᠣᠷᠣᠨ ᠨᠤᠲᠤᠭ ᠤᠨ ᠠᠵᠤ ᠠᠬᠤᠢ ᠶᠢᠨ ᠦᠷᠭᠦᠯᠵᠢᠯᠡᠨ ᠴᠢᠨᠠᠷ ᠰᠠᠶᠢᠲᠠᠢ ᠬᠦᠭᠵᠢᠯᠲᠡ ᠶᠢ ᠳᠡᠮᠵᠢᠬᠦ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | |