ᠬᠡᠳᠦᠨ ᠡᠳᠦᠷ ᠤᠨ ᠲᠤᠷᠰᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠦ ᠯᠦᠩ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠢ | ᠳᠠᠭᠠᠭᠤᠯᠤᠨ᠂ ᠪᠥᠬᠦ ᠬᠤᠰᠢᠭᠤᠨ ᠤ 15 ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠠᠬᠤᠢ ᠭᠠᠵᠠᠷ | ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ ᠰᠤᠮᠤ ᠪᠠᠯᠭᠠᠰᠤᠨ ᠤ ︽ᠲᠥᠯᠥᠭᠡᠯᠡᠭᠴᠢ ᠶᠢᠨ ᠭᠡᠷ | ︾ ᠤᠨ ᠪᠠᠶᠢᠭᠤᠯᠤᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ | ᠲᠤᠰᠢᠶᠠᠯ ᠢᠶᠠᠨ ᠭᠦᠢᠴᠡᠳᠭᠡᠭᠰᠡᠨ ᠪᠠᠶᠢᠳᠠᠯ ᠵᠢᠴᠢ ᠲᠠᠩᠰᠠ ᠡᠪᠬᠡᠮᠡᠯ ᠤᠨ ᠬᠠᠮᠢᠶᠠᠷᠤᠯᠲᠠ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠢᠯᠧᠲ ᠢᠶᠠᠷ ᠲᠣᠭᠲᠠᠭᠠᠬᠤ ᠳᠦᠷᠢᠮ ᠢ ᠭᠦᠢᠴᠡᠳᠭᠡᠬᠦ | ᠠᠵᠢᠯ᠂ ᠲᠥᠯᠥᠭᠡᠯᠡᠭᠴᠢ ᠶᠢᠨ ᠪᠣᠯᠪᠠᠰᠤᠷᠠᠭᠤᠯᠤᠯ ᠵᠡᠷᠭᠡ ᠲᠠᠯ᠎ᠠ ᠶᠢᠨ ᠠᠵᠢᠯ ᠢ ᠭᠦᠨᠵᠡᠭᠡᠢ ᠣᠶᠢᠯᠠᠭᠠᠭᠰᠠᠨ ᠪᠥᠭᠡᠳ | ᠢᠯᠡᠷᠡᠭᠦᠯᠦᠭᠰᠡᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠶᠠᠭᠠᠬᠢᠨ ᠴᠡᠭᠴᠡᠯᠡᠨ ᠰᠠᠶᠢᠵᠢᠷᠠᠭᠤᠯᠬᠤ ᠲᠤᠬᠠᠢ | ᠰᠠᠨᠠᠯ ᠪᠠ ᠰᠠᠨᠠᠭᠤᠯᠭ᠎ᠠ ᠲᠤᠷᠠᠳᠪᠠ᠃ | | |