6 ᠰᠠᠷ᠎ᠠ ᠶᠢᠨ 6 ᠤ ᠡᠳᠦᠷ᠂ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠢ ᠬᠢᠨᠠᠨ ᠵᠢᠯᠤᠭᠤᠳᠬᠤ | ᠠᠵᠢᠯ ᠤᠨ ᠨᠢᠭᠡᠳᠦᠭᠡᠷ ᠳᠤᠭᠤᠶᠢᠯᠠᠩ ᠬᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠤ | ᠬᠦᠷᠴᠦ᠂ ᠨᠢᠭᠡᠳᠦᠮᠡᠯ ᠹᠷᠣᠨᠲ ᠤᠨ ᠭᠤᠣᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠬᠢᠨᠠᠨ | ᠵᠢᠯᠤᠭᠤᠳᠴᠤ ᠪᠠᠶᠢᠴᠠᠭᠠᠨ ᠰᠤᠳᠤᠯᠪᠠ᠃ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠮᠠᠲ᠋ᠧᠷᠢᠶᠠᠯ ᠪᠠᠶᠢᠴᠠᠭᠠᠨ | ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ ︽ᠭᠤᠷᠪᠠᠨ ︿ᠳᠦᠷᠢᠮ﹀︾ ᠢ | ᠬᠡᠷᠡᠭᠵᠢᠭᠦᠯᠦᠭᠰᠡᠨ ᠪᠠᠶᠢᠳᠠᠯ᠂ ︽ᠭᠤᠷᠪᠠᠨ ᠬᠤᠷᠠᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ | ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠪᠠᠶᠢᠳᠠᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠱᠠᠭᠠᠷᠳᠠᠨ ᠪᠠᠶᠢᠴᠠᠭᠠᠯᠲᠠ ᠪᠠ ᠵᠢᠯᠣᠭᠤᠳᠤᠯᠭ᠎ᠠ ᠬᠢᠵᠦ | ᠵᠢᠴᠢ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠶᠠᠭᠠᠬᠢᠨ ᠰᠠᠶᠢᠵᠢᠷᠠᠭᠤᠯᠬᠤ ᠲᠤᠬᠠᠢ | ᠵᠢᠯᠤᠭᠤᠳᠬᠤ ᠴᠢᠨᠠᠷᠲᠠᠢ ᠰᠠᠨᠠᠯ ᠪᠠ ᠰᠠᠨᠠᠭᠤᠯᠭ᠎ᠠ ᠲᠤᠷᠠᠳᠪᠠ᠃ | | |