ᠵᠠᠷᠤᠳ ᠬᠤᠰᠢᠭᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ  ᠬᠢᠪᠡ
ᠨᠡᠶᠢᠲᠡᠯᠡᠭᠰᠡᠨ ᠴᠠᠭ᠄
2022/6/7
   6 ᠰᠠᠷ᠎ᠠ ᠶᠢᠨ 6 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠢᠵᠦ᠂ 5 ᠰᠠᠷ᠎ᠠ ᠶᠢᠨ 18 ᠤ ᠡᠳᠦᠷ ᠤᠨ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠢᠨᠠᠨ ᠵᠢᠯᠤᠭᠤᠳᠴᠤ ᠪᠠᠶᠢᠴᠠᠭᠠᠬᠤ ᠠᠬᠤᠢ ᠲᠠᠯᠠᠪᠠᠢ ᠶᠢᠨ ᠬᠤᠷᠠᠯ᠂ 6 ᠰᠠᠷ᠎ᠠ ᠶᠢᠨ 1 ᠤ ᠡᠳᠦᠷ ᠤᠨ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠪᠠ᠂ ᠵᠢᠴᠢ ᠬᠤᠷᠠᠯ ᠠᠴᠠ ᠵᠠᠷᠤᠳ ᠬᠤᠰᠢᠭᠤᠨ ᠤ ᠲᠣᠬᠠᠢ ᠳᠤᠷᠠᠳᠤᠭᠰᠠᠨ ᠣᠷᠣᠰᠢᠵᠤ ᠪᠠᠶᠢᠭ᠎ᠠ ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠤᠯᠠᠮᠵᠢᠯᠠᠪᠠ᠃ ᠬᠤᠰᠢᠭᠤᠨ ᠤ ᠤᠳᠤᠷᠢᠳᠤᠯᠭ᠎ᠠ ᠦ᠋ ᠴᠢᠩ ᠬᠠᠢ᠂ ᠯᠢᠦ ᠶᠦᠩ᠂ ᠭᠦᠸᠧ ᠮᠢᠩ  ᠴᠢᠶᠦ᠋ᠨ᠂ ᠪᠠᠲᠤ᠂ ᠯᠢᠦ ᠶᠣᠣ᠂ ᠯᠢᠦ ᠰᠢ ᠯᠢᠨ᠂ ᠯᠢ ᠶᠦᠩ ᠬᠠᠢ ᠬᠤᠷᠠᠯ ᠳᠤ ᠣᠷᠣᠯᠴᠠᠵᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠬᠦ ᠂ ᠪᠥᠬᠦ ᠬᠤᠲᠠ ᠶᠢᠨ ᠦᠵᠡᠭᠦᠯᠦᠯᠭᠡ ᠶᠢᠨ ᠬᠤᠷᠠᠯ ᠤᠨ ᠳᠤᠷᠠᠳᠤᠭᠰᠠᠨ ᠠᠰᠠᠭᠤᠳᠠᠯ ᠢ ᠬᠦᠯᠢᠶᠡᠨ ᠠᠪᠴᠤ  ᠰᠢᠢᠳᠪᠦᠷᠢᠯᠡᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠨᠠᠶᠢᠲᠠᠪᠣᠷᠢᠵᠢᠭᠤᠯᠬᠤ᠂ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠷᠢᠯᠠᠭᠤᠯᠬᠤ ᠬᠤᠷᠠᠯ ᠤᠨ ᠠᠭᠤᠯᠭ᠎ᠠ ᠶᠢᠨ ᠲᠣᠭᠤᠷᠢᠨ ᠳᠤ᠂ ᠰᠡᠳᠬᠢᠮᠵᠢ ᠪᠠᠨ ᠥᠷᠭᠡᠳᠬᠡᠨ᠂ ᠠᠷᠭ᠎ᠠ ᠪᠣᠳᠣᠯᠭ᠎ᠠ ᠳᠤᠷᠠᠳᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠬᠦᠴᠦᠯᠡᠨ ᠡᠪᠳᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠪᠡ᠃
   ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠪᠠᠶᠢᠳᠠᠯ ᠢ ᠲᠣᠳᠣᠷᠬᠠᠢ ᠲᠠᠨᠢᠵᠤ᠂ ᠴᠢᠬᠤᠯᠠᠴᠢᠯᠠᠬᠤ ᠪᠠᠨ ᠳᠡᠭᠡᠭᠰᠢᠯᠡᠭᠦᠯᠵᠦ᠂ ᠪᠦᠬᠦ ᠬᠤᠳᠠ ᠶᠢᠨ ᠬᠤᠷᠠᠯ ᠠᠴᠠ ᠳᠤᠷᠠᠳᠤᠭᠰᠠᠨ ᠠᠰᠠᠭᠤᠳᠠᠯ ᠪᠣᠯᠣᠨ ᠱᠠᠭᠠᠷᠳᠠᠯᠭ᠎ᠠ ᠶᠢ ᠭᠦᠨᠵᠡᠭᠡᠢ ᠲᠠᠨᠢᠨ ᠣᠶᠢᠯᠠᠭᠠᠵᠤ᠂ ᠬᠤᠳᠠᠯᠳᠣᠭᠠᠴᠢᠨ ᠤᠷᠢᠵᠤ ᠪᠡᠯᠡ ᠲᠠᠲᠠᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠣᠳᠤᠯ ᠢᠶᠠᠨ ᠴᠢᠩᠭᠠᠳᠬᠠᠵᠤ᠂ ᠠᠵᠢᠯ ᠤᠨ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠣᠪᠣᠷ ᠢᠶᠠᠨ ᠬᠤᠪᠢᠷᠠᠭᠤᠯᠵᠤ᠂ ᠤᠳᠤᠷᠢᠳᠬᠤ ᠺᠠᠳ᠋ᠷᠴᠤᠳ ᠰᠤᠷᠤᠯᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠡᠯ᠎ᠡ ᠰᠠᠯᠠᠭ᠎ᠠ ᠮᠥᠴᠢᠷ ᠤᠨ ᠬᠢᠨ ᠬᠤᠭᠤᠷᠣᠨᠳᠤ ᠪᠠᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠠᠵᠢᠯᠯᠠᠬᠤ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠪᠦᠬᠦ ᠲᠠᠯ᠎ᠠ ᠶᠢ ᠵᠢᠯᠣᠭᠤᠳᠬᠤ ᠳᠠᠭᠠᠨ ᠴᠢᠳᠠᠮᠠᠭᠠᠢ ᠪᠠᠶᠢᠵᠤ᠂ ᠭᠤᠣᠯᠳᠠᠯᠭ᠎ᠠ ᠶᠢ ᠴᠢᠩᠭ᠎ᠠ ᠠᠳᠬᠤᠵᠤ᠂ ᠪᠣᠳᠠᠲᠠᠢ ᠶᠢ ᠡᠷᠬᠢᠮᠯᠡᠬᠦ ᠪᠠ ᠤᠯᠤᠰ ᠲᠦᠷᠦ ᠶᠢ ᠡᠷᠬᠢᠮᠯᠡᠬᠦ ᠶᠢ ᠤᠶᠠᠯᠳᠤᠭᠤᠯᠵᠤ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠥᠷᠨᠢᠭᠦᠯᠬᠦ ᠬᠡᠷᠡᠭᠲᠡᠢ ᠭᠡᠪᠡ᠃
   ᠱᠤᠤ ᠶᠠᠨ ᠵᠢᠶᠦ᠋ᠨ ᠱᠠᠭᠠᠷᠳᠠᠭᠰᠠᠨ ᠨᠢ᠂ ᠣᠨᠣᠴᠠᠲᠠᠢ ᠬᠤᠳᠠᠯᠳᠣᠭᠠᠴᠢᠨ ᠣᠷᠢᠵᠤ᠂  ᠬᠤᠳᠠᠯᠳᠣᠭᠠᠴᠢᠨ ᠢᠶᠠᠷ ᠬᠤᠳᠠᠯᠳᠣᠭᠠᠴᠢᠨ ᠣᠷᠢᠵᠤ᠂ ᠬᠤᠰᠢᠭᠤ ᠳᠠᠶᠠᠭᠠᠷ ᠢᠶᠠᠷ ᠢᠶᠠᠨ ᠬᠤᠳᠠᠯᠳᠣᠭᠠᠴᠢᠨ ᠤᠷᠢᠵᠤ᠂ ᠣᠳᠣᠬᠢ ᠪᠣᠳᠠᠲᠤ ᠪᠠᠶᠢᠳᠠᠯ ᠳᠤ ᠴᠢᠭᠯᠡᠭᠦᠯᠦᠨ᠂ ᠬᠤᠳᠠᠯᠳᠣᠭᠠᠴᠢᠨ ᠤᠷᠢᠬᠤ ᠵᠢᠮ᠎ᠡ ᠶᠣᠰᠣ ᠶᠢ ᠵᠢᠷᠤᠮᠯᠠᠵᠤ᠂ ᠭᠤᠣᠯ ᠰᠢᠪᠲᠤᠯᠤᠯᠲᠠ ᠶᠢᠨ ᠴᠢᠭᠯᠡᠯ ᠢᠶᠠᠨ ᠲᠣᠳᠣᠷᠬᠠᠶᠢᠯᠠᠵᠤ᠂ ᠬᠤᠳᠠᠯᠳᠣᠭᠠᠴᠢᠨ ᠤᠷᠢᠬᠤ ᠠᠭᠤᠯᠭ᠎ᠠ ᠪᠣᠯᠣᠨ ᠬᠤᠳᠠᠯᠳᠣᠭᠠᠴᠢᠨ ᠤᠷᠢᠬᠤ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠬᠡᠪᠴᠢᠶ᠎ᠡ ᠶᠢᠨ ᠲᠥᠪᠯᠡᠷᠡᠯ ᠤᠨ ᠦᠢᠯᠡᠳᠦᠯ ᠢ ᠪᠤᠢ ᠪᠣᠯᠭᠠᠵᠤ᠂ ᠬᠤᠳᠠᠯᠳᠣᠭᠠᠴᠢᠨ ᠤᠷᠢᠵᠤ ᠪᠡᠯᠡ ᠲᠠᠲᠠᠬᠤ ᠣᠨᠣᠴᠠᠲᠠᠢ ᠬᠡᠮᠵᠢᠶ᠎ᠡ ᠪᠣᠯᠣᠨ ᠣᠨᠣᠭᠰᠠᠨ ᠨᠤᠷᠮ᠎ᠠ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠠᠭ ᠬᠤᠭᠤᠴᠠᠭ᠎ᠠ ᠪᠠ ᠬᠠᠷᠢᠭᠤᠴᠠᠯᠭ᠎ᠠ ᠶᠢᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠣᠷᠣᠯᠠᠨ ᠰᠣᠯᠢᠬᠤ ᠲᠥᠷᠥᠯ ᠵᠦᠢᠯ ᠢ ᠰᠤᠳᠤᠯᠤᠨ ᠶᠠᠷᠢᠯᠴᠠᠵᠤ ᠲᠣᠬᠢᠷᠠᠭᠤᠯᠬᠤ ᠶᠢ ᠲᠦᠷᠭᠡᠳᠬᠡᠵᠦ᠂ ᠶᠠᠷᠢᠯᠴᠠᠵᠤ ᠪᠠᠶᠢᠭ᠎ᠠ ᠲᠥᠷᠥᠯ ᠵᠦᠢᠯ ᠢ ᠭᠡᠷ᠎ᠡ ᠲᠣᠭᠲᠠᠬᠤ᠂ ᠭᠡᠷ᠎ᠡ ᠲᠣᠭᠲᠠᠭᠰᠠᠨ ᠲᠥᠷᠥᠯ ᠵᠦᠢᠯ ᠢ ᠪᠣᠳᠠᠲᠠᠶᠢᠵᠢᠭᠤᠯᠬᠤ᠂ ᠪᠣᠲᠠᠲᠠᠶᠢᠵᠢᠭᠤᠯᠣᠭᠰᠠᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠡᠯ᠎ᠡ ᠵᠦᠢᠯ ᠤᠨ ᠭᠤᠣᠯᠳᠠᠯᠭ᠎ᠠ ᠲᠠᠢ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠭᠦᠨᠵᠡᠭᠡᠢ ᠰᠤᠳᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠳᠣᠲᠠᠭᠳᠠᠯ ᠲᠠᠢ ᠪᠠᠭᠤᠷᠠᠢ ᠲᠠᠯ᠎ᠠ ᠪᠠᠨ ᠨᠠᠷᠢᠨ ᠬᠢᠨᠠᠮᠠᠭᠠᠢ ᠡᠷᠢᠵᠦ᠂ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠣᠳᠠᠲᠠᠢ ᠴᠢᠩᠭ᠎ᠠ ᠠᠳᠬᠤᠬᠤ ᠶᠢ ᠪᠠᠲᠤᠯᠠᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠰᠢᠰᠲ᠋ᠧᠮ ᠲᠠᠢ ᠠᠬᠢᠭᠤᠯᠵᠤ᠂ ᠠᠰᠠᠭᠤᠳᠠᠯ ᠳᠤ ᠴᠢᠭᠯᠡᠭᠦᠯᠦᠨ ᠨᠢᠭᠡ ᠠᠴᠠ ᠨᠦᠬᠦᠭᠡ ᠶᠢ ᠮᠡᠳᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠡᠮᠬᠢᠯᠡᠵᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ᠂ ᠬᠢᠨᠠᠨ ᠵᠥᠪᠰᠢᠶᠡᠷᠡᠬᠦ ᠵᠦᠢᠯᠡᠰ ᠪᠠ ᠮᠡᠳᠡᠭᠦᠯᠬᠦ ᠮᠠᠲ᠋ᠧᠷᠢᠶᠠᠯ ᠢ ᠤᠯᠠᠮ ᠨᠢᠭᠡ ᠠᠯᠬᠤᠮ ᠴᠣᠮᠬᠠᠳᠬᠠᠨ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢᠨ ᠵᠢᠷᠦᠮᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠠ ᠬᠥᠭᠵᠢᠯᠲᠡ ᠶᠢᠨ ᠠᠭᠤᠷ ᠠᠮᠢᠰᠬᠤᠯ ᠢ ᠪᠠᠲᠣᠯᠠᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号