| | 6 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ ᠴᠢᠩ ᠬᠠᠢ ᠪᠠᠶᠠᠷᠲᠤᠬᠤᠰᠢᠭᠤ ᠪᠠᠯᠭᠠᠰᠤ᠂ | ᠤᠯᠠᠭᠠᠨᠬᠠᠳᠠ ᠰᠤᠮᠤ ᠵᠡᠷᠭᠡ ᠭᠠᠵᠠᠷ ᠲᠤ ᠬᠦᠷᠴᠦ ᠬᠢᠵᠢᠭ ᠢ ᠰᠡᠷᠭᠡᠶᠢᠯᠡᠨ ᠡᠵᠡᠮᠳᠡᠬᠦ᠂ ᠦᠶᠡᠷ ᠢ ᠰᠡᠷᠭᠡᠶᠢᠯᠡᠬᠦ | ᠭᠠᠮᠰᠢᠭ ᠢ ᠰᠡᠷᠭᠡᠶᠢᠯᠡᠬᠦ ᠪᠠ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠡᠷᠭᠡ | ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠪᠠ᠃ ᠦ᠋ ᠴᠢᠩ ᠬᠠᠢ ᠴᠢᠬᠤᠯᠠᠴᠢᠯᠠᠭᠰᠠᠨ ᠨᠢ᠂ ᠬᠤᠲᠠ᠂ | ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠪᠣᠳᠠᠲᠠᠢ ᠬᠢᠬᠦ ᠬᠡᠷᠡᠭᠲᠡᠢ︔ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠥᠯ ᠢᠶᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠷᠠᠭᠤᠯᠤᠨ᠂ ᠭᠤᠣᠯᠳᠠᠯᠭ᠎ᠠ ᠲᠠᠢ ᠭᠠᠵᠠᠷ ᠣᠷᠣᠨ ᠠᠴᠠ ᠨᠤᠲᠤᠭ ᠲᠠᠭᠠᠨ ᠪᠣᠴᠠᠵᠤ ᠢᠷᠡᠭᠰᠡᠨ ᠬᠦᠮᠦᠰ ᠪᠠ | ᠭᠤᠣᠯᠳᠠᠯᠭ᠎ᠠ ᠲᠠᠢ ᠬᠥᠮᠥᠰ ᠤᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠶᠢ ᠬᠢᠨᠠᠮᠠᠭᠠᠢ ᠥᠷᠨᠢᠭᠦᠯᠵᠦ᠂ | ᠰᠠᠭᠤᠷᠢ ᠲᠤᠭ᠎ᠠ ᠨᠢ ᠲᠣᠳᠣᠷᠬᠠᠢ᠂ ᠪᠠᠶᠢᠳᠠᠯ ᠨᠢ ᠲᠣᠳᠣᠷᠬᠠᠢ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠢ ᠭᠡᠪᠡ᠃ | |