ᠯᠢ ᠢᠦᠢ ᠹᠦ᠋ ᠴᠢᠨᠳᠠᠮᠣᠨᠢ ᠰᠤᠮᠤᠨ ᠳᠤ ᠬᠦᠷᠴᠦ ᠦᠶᠡᠷ ᠢ ᠰᠡᠷᠭᠡᠶᠢᠯᠡᠬᠦ ᠭᠠᠮᠰᠢᠭ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/6/8
     6 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠢᠦᠢ ᠹᠦ᠋ ᠴᠢᠨᠳᠠᠮᠣᠨᠢ ᠰᠤᠮᠤ ᠳᠤ ᠬᠦᠷᠴᠦ ᠦᠶᠡᠷ ᠢ ᠰᠡᠷᠭᠡᠶᠢᠯᠡᠬᠦ ᠭᠠᠮᠰᠢᠭ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠣᠭᠤᠳᠪᠠ᠃ ᠯᠢ ᠢᠦᠢ ᠹᠦ᠋ ᠬᠠᠮᠲᠤ ᠶᠠᠪᠣᠭᠰᠠᠳ ᠲᠠᠢ ᠪᠠᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ ᠳᠠᠮᠵᠢᠨ᠂ ᠴᠢᠨᠳᠠᠮᠣᠨᠢ ᠰᠤᠮᠤ ᠶᠢᠨ ᠨᠤᠭᠤᠭᠠᠨᠴᠢᠯᠠᠭᠤ ᠭᠤᠣᠯ ᠵᠡᠷᠭᠡ ᠭᠠᠵᠠᠷ ᠤᠨ ᠬᠤᠷ᠎ᠠ ᠲᠤᠨᠤᠳᠠᠰᠤ᠂ ᠦᠶᠡᠷ ᠤᠨ ᠬᠤᠭᠤᠴᠠᠭᠠᠨ ᠤ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠤᠮᠤ ᠶᠢᠨ ᠨᠠᠮ ᠤᠨ ᠬᠤᠷᠢᠶ᠎ᠠ  ᠬᠢᠨ ᠢ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠭᠠᠮᠰᠢᠭ ᠭᠠᠷᠴᠤ ᠮᠡᠳᠡᠬᠦ ᠠᠯᠢᠪᠠ ᠬᠦᠴᠦᠨ ᠵᠦᠢᠯ ᠢ ᠵᠢᠭᠰᠠᠭᠠᠨ ᠪᠠᠶᠢᠴᠠᠭᠠᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠬᠤᠷᠢᠭᠯᠠᠵᠤ ᠂ ︽ᠦᠶᠡᠷ ᠢ ᠰᠡᠷᠭᠡᠶᠢᠯᠡᠬᠦ ᠬᠠᠰᠢᠯᠭ᠎ᠠ︾  ᠢ ᠦᠨᠡᠨᠬᠦ ᠪᠠᠬᠢᠵᠢᠭᠦᠯᠵᠦ᠂ ︽ᠠᠮᠤᠷ ᠲᠦᠪᠰᠢᠨ ᠤ ᠨᠡᠭᠡᠯᠡᠭᠡᠢ︾  ᠶᠢ ᠴᠢᠩᠭᠠᠯᠠᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号