| | ᠥᠷᠭᠡᠨ ᠣᠯᠠᠨ ᠰᠠᠭᠤᠭᠠᠯᠢ ᠠᠷᠠᠳ ᠳᠤ᠄ | ᠣᠳᠣᠬᠠᠨ ᠳᠤ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ | ᠪᠠᠶᠢᠨ᠎ᠠ᠂ ᠪᠥᠬᠦ ᠬᠤᠲᠠ ᠶᠢᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠬᠢᠨ ᠬᠢᠵᠢᠭ ᠤᠨ ᠪᠠᠶᠢᠳᠠᠯ ᠳᠤ | ᠴᠢᠭᠯᠡᠭᠦᠯᠦᠨ ᠬᠠᠯᠳᠠᠪᠣᠷᠢᠲᠦ ᠡᠪᠡᠳᠴᠢᠨ ᠤ ᠰᠤᠳᠣᠯᠣᠯ ᠪᠠᠶᠢᠴᠠᠭᠠᠯᠲᠠ ᠬᠢᠬᠦ ᠪᠠ ᠳᠣᠲᠣᠭᠠᠳᠤ ᠶᠢ ᠬᠠᠮᠠᠭᠠᠯᠠᠬᠤ ᠲᠣᠮᠣ | ᠳ᠋ᠠᠶᠢᠲ᠋ᠠ ᠪᠠᠷ ᠬᠠᠷᠭᠤᠭᠤᠯᠤᠨ ᠪᠠᠶᠢᠴᠠᠭᠠᠬᠤ ᠲᠤᠰᠬᠠᠢ ᠠᠩᠭᠢ ᠶᠠᠭ ᠪᠥᠬᠦ ᠲᠠᠯ᠎ᠠ ᠪᠠᠷ ᠬᠢᠵᠢᠭ ᠤᠨ ᠪᠠᠶᠢᠳᠠᠯ ᠳᠤ | ᠴᠢᠭᠯᠡᠭᠦᠯᠦᠨ ᠬᠠᠯᠳᠠᠪᠣᠷᠢᠲᠦ ᠡᠪᠡᠳᠴᠢᠨ ᠤ ᠰᠤᠳᠣᠯᠣᠯ ᠪᠠᠶᠢᠴᠠᠭᠠᠯᠲᠠ ᠬᠢᠵᠦ ᠵᠢᠴᠢ ᠡᠪᠡᠳᠴᠢᠨ ᠤ ᠡᠬᠢ | ᠰᠣᠷᠪᠣᠯᠵᠢ ᠶᠢ ᠮᠦᠷᠳᠡᠨ ᠪᠠᠶᠢᠴᠠᠭᠠᠬᠤ ᠠᠵᠢᠯ ᠥᠷᠨᠢᠭᠦᠯᠵᠦ ᠪᠠᠶᠢᠨ᠎ᠠ᠂ ᠮᠠᠨ ᠤ ᠬᠤᠰᠢᠭᠤᠨ ᠤ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠳᠤ | ᠴᠢᠭᠯᠡᠭᠦᠯᠦᠨ ᠬᠠᠯᠳᠠᠪᠣᠷᠢᠲᠦ ᠡᠪᠡᠳᠴᠢᠨ ᠤ ᠰᠤᠳᠣᠯᠣᠯ ᠪᠠᠶᠢᠴᠠᠭᠠᠯᠲᠠ ᠶᠢ ᠣᠨᠣᠴᠠᠲᠠᠢ ᠥᠷᠨᠢᠭᠦᠯᠵᠦ᠂ ᠬᠢᠵᠢᠭ ᠤᠨ | ᠣᠷᠣᠵᠤ ᠢᠷᠡᠬᠦ ᠳᠡᠯᠭᠡᠷᠡᠬᠦ ᠲᠦᠭᠰᠢᠭᠦᠷᠢ ᠶᠢ ᠦᠳᠲᠡᠷ ᠲᠦᠷᠭᠡᠨ ᠬᠤᠷᠢᠭᠯᠠᠬᠤ ᠶᠢᠨ ᠲᠥᠯᠥᠭᠡ᠂ ᠥᠷᠭᠡᠨ ᠣᠯᠠᠨ | ᠰᠠᠭᠤᠭᠠᠯᠢ ᠠᠷᠠᠳ ᠬᠤᠰᠢᠭᠤ ᠰᠢᠶᠠᠨ ᠤ ᠬᠢᠵᠢᠭ ᠢ ᠰᠡᠷᠭᠡᠶᠢᠯᠡᠬᠦ ᠲᠤᠰᠬᠠᠢ ᠠᠩᠭᠢ ᠶᠢᠨ ᠠᠵᠢᠯᠲᠠᠨ ᠤ ᠬᠢᠨᠠᠨ | ᠬᠠᠷᠭᠤᠭᠤᠯᠬᠤ ᠤᠲᠠᠰᠤ ᠶᠢ ᠲᠤᠰᠬᠤ ᠳᠠᠭᠠᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ | ᠬᠡᠷᠡᠭᠲᠡᠢ᠃ ᠬᠠᠯᠳᠠᠪᠣᠷᠢᠲᠦ ᠡᠪᠡᠳᠴᠢᠨ ᠤ ᠰᠤᠳᠣᠯᠣᠯ ᠪᠠᠶᠢᠴᠠᠭᠠᠯᠲᠠ ᠶᠢᠨ ᠶᠠᠪᠤᠴᠠ ᠳᠤ᠂ ᠥᠷᠭᠡᠨ ᠣᠯᠠᠨ ᠬᠤᠲᠠ | ᠬᠥᠳᠡᠭᠡ ᠶᠢᠨ ᠰᠠᠭᠤᠭᠠᠯᠢ ᠠᠷᠠᠳ ᠬᠤᠪᠢ ᠬᠥᠮᠥᠨ ᠤ ᠪᠠᠶᠢᠳᠠᠯ ᠢᠶᠠᠨ ᠦᠨᠡᠨ ᠪᠣᠳᠠᠲᠠᠢ ᠲᠤᠰᠬᠠᠵᠤ᠂ ᠬᠠᠯᠳᠠᠪᠣᠷᠢᠲᠦ | ᠡᠪᠡᠳᠴᠢᠨ ᠤ ᠰᠤᠳᠣᠯᠣᠯ ᠪᠠᠶᠢᠴᠠᠭᠠᠯᠲᠠ ᠶᠢᠨ ᠬᠥᠮᠥᠰ ᠲᠤ ᠦᠪᠡᠷ ᠤᠨ ᠦᠨᠳᠦᠰᠦᠨ ᠮᠡᠳᠡᠭᠡ ᠵᠠᠩᠭᠢ᠂ ᠭᠡᠷ | ᠪᠦᠯᠢ ᠶᠢᠨ ᠪᠠᠶᠢᠳᠠᠯ᠂ ᠠᠵᠢᠯᠯᠠᠭᠠᠨ ᠤ ᠵᠠᠮ ᠮᠥᠷ ᠵᠡᠷᠭᠡ ᠪᠠᠶᠢᠳᠠᠯ ᠢᠶᠠᠨ ᠪᠥᠬᠦ ᠲᠠᠯ᠎ᠠ ᠪᠠᠷ᠂ ᠦᠨᠡᠨ ᠪᠣᠳᠠᠲᠠᠢ᠂ | ᠣᠨᠣᠪᠴᠢᠲᠠᠶ ᠬᠠᠩᠭᠠᠬᠤ ᠬᠡᠷᠡᠭᠲᠡᠢ᠃ | ᠬᠠᠯᠳᠠᠪᠣᠷᠢᠲᠦ ᠡᠪᠡᠳᠴᠢᠨ ᠤ ᠰᠤᠳᠣᠯᠣᠯ ᠪᠠᠶᠢᠴᠠᠭᠠᠯᠲᠠ ᠬᠢᠬᠦ ᠠᠵᠢᠯ ᠢ ᠬᠠᠮᠵᠢᠬᠤ ᠪᠣᠯ ᠡᠷᠭᠡᠲᠦ ᠢᠷᠭᠡᠨ | ᠨᠢᠭᠡᠪᠦᠷᠢ ᠶᠢᠨ ᠬᠠᠤᠯᠢ ᠪᠠᠷ ᠲᠣᠭᠲᠠᠭᠠᠭᠰᠠᠨ ᠡᠭᠦᠷᠭᠡ ᠪᠠ ᠭᠦᠢᠴᠡᠳᠬᠡᠪᠡᠰᠦ ᠵᠣᠬᠢᠬᠤ ᠨᠡᠶᠢᠭᠡᠮ ᠤᠨ ᠬᠠᠷᠢᠭᠤᠴᠠᠯᠭ᠎ᠠ | ᠪᠣᠯᠣᠨ᠎ᠠ᠂ ᠬᠡᠷᠪᠡ ᠬᠢᠵᠢᠭ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠮᠡᠳᠡᠭᠡ ᠵᠠᠩᠭᠢ ᠪᠠᠨ ᠨᠢᠭᠤᠨ ᠳᠠᠯᠳᠠᠯᠠᠵᠤ | ᠦᠨᠡᠨ ᠮᠥᠨ ᠢᠶᠠᠷ ᠨᠢ ᠬᠠᠩᠭᠠᠬᠤ ᠦᠭᠡᠢ᠂ ᠬᠢᠵᠢᠭ ᠢ ᠰᠡᠷᠭᠡᠶᠢᠯᠡᠬᠦ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠤᠨ ᠬᠢᠨ ᠤ ᠬᠠᠯᠳᠠᠪᠣᠷᠢᠲᠦ ᠡᠪᠡᠳᠴᠢᠨ ᠤ ᠰᠤᠳᠣᠯᠣᠯ ᠪᠠᠶᠢᠴᠠᠭᠠᠯᠲᠠ ᠶᠢᠨ ᠠᠵᠢᠯ ᠢ ᠬᠠᠮᠵᠢᠬᠤ ᠦᠭᠡᠢ | ᠲᠡᠪᠴᠢᠵᠦ᠂ ᠬᠦᠨᠳᠦ ᠨᠣᠴᠢᠲᠠᠢ ᠨᠥᠯᠥᠭᠡ ᠭᠠᠷᠭᠠᠭᠰᠠᠨ ᠪᠠᠶᠢᠪᠠᠯ ᠬᠠᠤᠯᠢ ᠶᠣᠰᠣᠭᠠᠷ ᠬᠠᠷᠢᠭᠤᠴᠠᠯᠭ᠎ᠠ ᠡᠭᠦᠷᠭᠡᠯᠡᠨ᠎ᠡ᠃ | ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠠᠯᠪᠠᠨ ᠤ ᠵᠠᠭᠤᠴᠢᠯᠠᠭᠤᠷ ᠳᠡᠭᠡᠷ᠎ᠡ ᠨᠡᠶᠢᠲᠡᠯᠡᠭᠰᠡᠨ | ᠬᠢᠵᠢᠭ ᠤᠨ ᠪᠠᠶᠢᠳᠠᠯ ᠵᠢᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠠᠩᠬᠠᠷᠴᠤ᠂ ᠰᠢᠨᠵᠢᠯᠡᠬᠦ | ᠤᠬᠠᠭᠠᠨᠴᠢ ᠪᠠᠷ ᠠᠷᠭᠠᠴᠠᠭᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ ᠢᠳᠡᠪᠬᠢᠲᠡᠢ | ᠬᠠᠮᠵᠢᠯᠴᠠᠨ ᠳᠡᠮᠵᠢᠬᠦ ᠶᠢ ᠬᠦᠰᠡᠵᠦ ᠪᠠᠶᠢᠨ᠎ᠠ᠃ | ᠵᠠᠷᠤᠳ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ | 2022 ᠣᠨ ᠤ 6 ᠰᠠᠷ᠎ᠠ ᠶᠢᠨ 7 ᠤ ᠡᠳᠦᠷ |