| ᠬᠤᠳᠠᠯᠳᠣᠭᠠᠴᠢᠨ ᠤᠷᠢᠬᠤ ᠠᠵᠢᠯ ᠢ ᠪᠥᠬᠦ ᠬᠦᠴᠦᠨ ᠢᠶᠠᠷ ᠢᠶᠠᠨ ᠠᠳᠬᠤᠵᠤ᠂ ᠠᠷᠭ᠎ᠠ ᠪᠦᠬᠦᠨ ᠢ | ᠰᠦᠪᠡᠭᠴᠢᠯᠡᠨ ᠲᠥᠷᠥᠯ ᠵᠦᠢᠯ ᠢ ᠲᠠᠲᠠᠨ ᠣᠷᠣᠭᠤᠯᠪᠠ᠃ 7 ᠰᠠᠷ᠎ᠠ ᠶᠢᠨ 8 ᠤ ᠡᠳᠦᠷ᠂ ᠵᠠᠷᠤᠳ ᠬᠤᠰᠢᠭᠤᠨ ᠤ | ᠲᠥᠷᠥᠯ ᠵᠦᠢᠯ ᠢ ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠵᠠᠬᠠᠨᠠᠭᠤᠷ ᠠᠵᠤ ᠦᠢᠯᠡᠰ ᠤᠨ ᠲᠣᠭᠤᠷᠢᠭ ᠲᠤ | ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠯᠢ ᠢᠦᠢ ᠹᠦ᠋᠂ ᠰᠦᠸᠧ ᠮᠢᠩ ᠢᠦᠢ᠂ ᠵᠠᠩ ᠶᠦᠩ ᠴᠢᠶᠠᠩ᠂ | ᠳ᠋ᠦᠩ ᠭᠤᠸᠠᠩ ᠢᠦᠢ᠂ ᠸᠠᠩ ᠴᠧᠩ ᠶᠣᠰᠣᠯᠠᠯ ᠳᠤ ᠣᠷᠣᠯᠴᠠᠵᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ᠂ ᠠᠵᠤ ᠠᠬᠤᠶᠢᠯᠠᠯ ᠪᠠ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃ | | | | ᠳᠡᠳ᠋ ᠬᠤᠰᠢᠭᠤᠨ ᠳᠠᠷᠤᠭ᠎ᠠ ᠳ᠋ᠦᠩ ᠭᠤᠸᠠᠩ ᠢᠦᠢ ᠪᠠᠶᠠᠷ ᠤᠨ ᠦᠭᠡ ᠬᠡᠯᠡᠬᠦ ᠳᠡᠭᠡᠨ᠂ ᠲᠥᠷᠥᠯ ᠵᠦᠢᠯ ᠪᠣᠯ | ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ ︽ᠰᠠᠭᠤᠷᠢ ᠴᠢᠯᠠᠭᠤ︾ ᠮᠥᠨ᠂ ᠪᠠᠰᠠ ᠴᠤ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦ ᠬᠦᠴᠦᠨ ᠤ ᠡᠬᠢ ᠰᠤᠷᠪᠤᠯᠵᠢ ᠮᠥᠨ᠃ ᠥᠨᠥᠳᠥᠷ ᠤᠨ | ᠠᠵᠢᠯ ᠡᠬᠢᠯᠡᠭᠦᠯᠦᠭᠰᠡᠨ ᠭᠤᠷᠪᠠᠨ ᠲᠦᠷᠦᠯ ᠵᠦᠢᠯ ᠪᠣᠯ ᠪᠦᠬᠦ ᠬᠤᠰᠢᠭᠤᠨ ᠤ ᠬᠤᠳᠠᠯᠳᠣᠭᠠᠴᠢᠨ ᠤᠷᠢᠵᠤ ᠪᠡᠯᠡ | ᠲᠠᠲᠠᠬᠤ ᠠᠵᠢᠯ ᠤᠨ ᠦᠷ᠎ᠡ ᠪᠦᠲᠦᠭᠡᠯ ᠪᠣᠯᠣᠨ᠎ᠠ᠂ ᠪᠡᠯᠡ ᠣᠷᠣᠭᠤᠯᠤᠯᠲᠠ ᠶᠢᠨ ᠡᠷᠴᠢᠮ ᠶᠡᠭᠡ᠂ ᠠᠵᠤ ᠦᠢᠯᠡᠰ ᠤᠨ | ᠳᠠᠶᠢᠴᠢᠯᠠᠯᠲᠠ ᠴᠢᠩᠭ᠎ᠠ᠂ ᠰᠢᠨ᠎ᠡ ᠡᠨᠧᠷᠭᠢ ᠶᠢᠨ ᠬᠥᠭᠵᠢᠯᠲᠡ ᠶᠢᠨ ᠨᠥᠭᠡᠴᠡ ᠬᠦᠴᠦᠨ ᠲᠡᠭᠦᠯᠳᠡᠷ᠂ ᠲᠦᠷᠦᠯ | ᠵᠦᠢᠯ ᠤᠨ ᠪᠠᠶᠢᠭᠤᠯᠤᠯᠲᠠ ᠨᠢ ᠵᠠᠷᠤᠳ ᠬᠤᠰᠢᠭᠤᠨ ᠤ ᠠᠵᠤ ᠦᠢᠯᠡᠳᠪᠦᠷᠢ ᠶᠢᠨ ᠪᠣᠳᠠᠲᠤ ᠬᠦᠴᠦᠨ ᠤ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠨᠢ ᠯᠠᠪᠲᠠᠢ ᠶᠤᠮ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠣᠷᠣᠯᠴᠠᠭᠰᠠᠨ ᠪᠠᠷᠢᠯᠭ᠎ᠠ ᠶᠢᠨ ᠨᠢᠭᠡᠴᠡ ᠬᠢᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ | ᠪᠠᠷᠢᠯᠭ᠎ᠠ ᠪᠠᠷᠢᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠢ ᠬᠢᠬᠦ ᠶᠢ | ᠦᠨᠡᠨ ᠬᠦ ᠪᠠᠲᠤᠯᠠᠵᠤ᠂ ᠴᠠᠭ ᠲᠤᠬᠠᠢ ᠳᠤᠨᠢ ᠪᠡᠶᠡᠯᠡᠭᠦᠯᠬᠦ ᠶᠢ ᠬᠦᠰᠡᠵᠦ ᠪᠠᠶᠢᠨ᠎ᠠ︔ ᠡᠯ᠎ᠡ ᠠᠵᠤ ᠠᠬᠤᠶᠢᠯᠠᠯᠲᠠᠳ | ᠪᠠᠶᠢᠯᠳᠤᠬᠤ ᠪᠣᠳᠣᠯᠭ᠎ᠠ ᠶᠢᠨ ᠬᠠᠷᠠᠴᠠ ᠲᠠᠢ ᠪᠠᠶᠢᠵᠤ᠂ ᠬᠤᠳᠠᠯᠳᠣᠭᠠᠴᠢᠨ ᠢᠶᠠᠷ ᠬᠤᠳᠠᠯᠳᠣᠭᠠᠴᠢᠨ ᠤᠷᠢᠵᠤ᠂ ᠤᠯᠠᠨ | ᠲᠠᠯ᠎ᠠ ᠪᠠᠷ ᠬᠠᠮᠲᠤᠪᠠᠷ ᠠᠰᠢᠭ ᠬᠦᠷᠲᠡᠵᠦ᠂ ᠵᠠᠷᠤᠳ ᠬᠤᠰᠢᠭᠤ ᠡᠨᠡᠬᠦ ᠰᠢᠨ᠎ᠡ ᠣᠷᠤᠨ ᠵᠠᠢ ᠠᠴᠠ ᠡᠳ᠋ ᠬᠥᠷᠥᠩᠭᠡ᠂ | ᠨᠥᠬᠦᠷᠯᠡᠯ᠂ ᠠᠮᠵᠢᠯᠲᠠ ᠣᠯᠬᠤ ᠬᠡᠷᠡᠭᠲᠡᠢ᠃ ᠵᠠᠷᠤᠳ ᠬᠤᠰᠢᠭᠤ ᠬᠢᠨ ᠴᠤ ᠦᠢᠯᠡᠴᠢᠯᠡᠭᠡ ᠪᠠᠨ ᠳᠡᠭᠡᠳᠦᠯᠡᠬᠦ | ᠵᠣᠷᠢᠯᠲᠠ ᠪᠠᠨ ᠪᠠᠲᠤ ᠴᠡᠭᠡᠵᠢᠯᠡᠵᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠶᠡᠭᠡ ᠪᠠᠷ ᠪᠣᠶ ᠪᠣᠯᠭᠠᠵᠤ᠂ ᠲᠥᠷᠥᠯ ᠵᠦᠢᠯ ᠢ ᠬᠠᠪᠰᠤᠷᠤᠨ ᠲᠡᠳᠬᠦᠬᠦ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ | ᠲᠤᠯᠭᠠᠷᠠᠭᠰᠠᠨ ᠬᠦᠴᠢᠷ ᠠᠰᠠᠭᠤᠳᠠᠯ ᠢ ᠪᠥᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠵᠦ᠂ ᠲᠥᠷᠥᠯ | ᠵᠦᠢᠯ ᠤᠨ ᠡᠷᠲᠡ ᠠᠰᠢᠭᠯᠠᠯᠲᠠ ᠳᠤ ᠣᠷᠣᠬᠤ᠂ ᠡᠷᠲᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ ᠭᠡᠪᠡ᠃ | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠲᠥᠷᠥᠯ ᠵᠦᠢᠯ ᠪᠣᠯ | ᠥᠪᠥᠷ ᠮᠣᠩᠭᠤᠯ ᠤᠨ ᠵᠢᠩ ᠯᠢ ᠨᠡᠭᠦᠷᠡᠰᠦ ᠬᠥᠮᠥᠷᠭᠡᠯᠡᠨ ᠬᠠᠳᠠᠭᠠᠯᠠᠬᠤ ᠬᠢᠵᠠᠭᠠᠷᠲᠤ ᠺᠣᠮᠫᠠᠨᠢ ᠶᠢᠨ ᠵᠠᠬᠠᠨᠠᠭᠤᠷ | ᠨᠡᠭᠦᠷᠡᠰᠦ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠥᠷᠥᠯ ᠵᠦᠢᠯ᠂ ᠥᠪᠥᠷ ᠮᠣᠩᠭᠤᠯ ᠤᠨ ᠴᠢ | ᠶᠦᠨ ᠰᠢᠨ᠎ᠡ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠴᠠᠬᠢᠯᠭᠠᠨ | ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠲᠡᠭᠡᠭᠡᠪᠦᠷᠢ ᠶᠢᠨ ᠲᠥᠷᠥᠯ ᠵᠦᠢᠯ ᠪᠠ ᠵᠠᠷᠤᠳ ᠬᠤᠰᠢᠭᠤᠨ ᠤ ᠰᠢᠩ | ᠲᠦᠩ ᠬᠠᠳᠠᠭᠠᠯᠠᠬᠤ ᠲᠡᠭᠡᠭᠡᠪᠦᠷᠢᠯᠡᠬᠦ ᠬᠢᠵᠠᠭᠠᠷᠲᠤ ᠺᠣᠮᠫᠠᠨᠢ ᠶᠢᠨ ᠰᠡᠨᠵᠢᠳᠠᠪᠠ ᠶᠢᠨ ᠨᠡᠭᠦᠷᠡᠰᠦᠨ ᠤ ᠴᠢᠩᠭᠡᠯᠢᠭ ᠤᠨ | ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠵᠡᠷᠭᠡ 3 ᠲᠥᠷᠥᠯ ᠵᠦᠢᠯ ᠪᠣᠯᠣᠨ᠎ᠠ᠃ 4.1 ᠳ᠋ᠥᠩᠰᠢᠭᠤᠷ | ᠲᠥᠭᠦᠷᠢᠭ ᠤᠨ ᠶᠡᠷᠦᠩᠬᠡᠢ ᠪᠡᠯᠡ ᠣᠷᠣᠭᠤᠯᠬᠤ ᠪᠠᠷ ᠲᠥᠯᠥᠪᠯᠡᠵᠦ᠂ ᠨᠡᠭᠦᠷᠡᠰᠦᠨ ᠤ ᠡᠳ᠋ ᠪᠠᠷᠠᠭᠠᠨ ᠤ ᠭᠦᠢᠯᠭᠡᠭᠡ᠂ | ᠣᠶᠤᠨᠴᠢ ᠡᠳ᠋ ᠪᠠᠷᠠᠭᠠᠨ ᠤ ᠭᠦᠢᠯᠭᠡᠭᠡ᠂ ᠰᠢᠨ᠎ᠡ ᠡᠨᠧᠷᠭᠢ ᠶᠢᠨ ᠡᠵᠡᠩᠨᠡᠯᠲᠡ ᠵᠡᠷᠭᠡ ᠣᠯᠠᠨ ᠲᠠᠯ᠎ᠠ ᠶᠢ ᠬᠠᠮᠤᠷᠴᠤ᠂ | ᠤᠯᠠᠮ ᠨᠢᠭᠡ ᠠᠯᠬᠤᠮ ᠪᠦᠭᠦ ᠬᠤᠰᠢᠭᠤᠨ ᠤ ᠡᠨᠧᠷᠭᠢ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ | ᠡᠨᠧᠷᠭᠢ ᠶᠢᠨ ᠠᠵᠤ ᠦᠢᠯᠡᠰ ᠤᠨ ᠪᠠᠶᠢᠷᠢᠰᠢᠯ ᠢ ᠲᠡᠭᠦᠯᠳᠡᠷᠵᠢᠭᠦᠯᠬᠦ᠂ ᠠᠵᠢᠯ ᠣᠯᠭᠤᠬᠤ ᠲᠣᠬᠢᠶᠠᠯ ᠢ ᠥᠷᠭᠡᠳᠬᠡᠬᠦ | ᠵᠢᠴᠢ ᠣᠷᠣᠨ ᠨᠤᠲᠤᠭ ᠤᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ᠂ ᠬᠤᠰᠢᠭᠤᠨ ᠤ ᠠᠵᠤ ᠠᠬᠤᠢ ᠶᠢ | ᠪᠤᠵᠠᠭᠠᠶᠢᠷᠠᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | | | |