ᠵᠠᠷᠤᠳ ᠬᠤᠰᠢᠭᠤ ᠪᠣᠯᠣᠨ ᠾᠧᠨᠠᠨ ᠮᠤᠵᠢ ᠶᠢᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠬᠢᠨ ᠲᠠᠢ ᠲᠥᠷᠥᠯ ᠵᠦᠢᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/7/11
    c36160e54ecbe0ca0bdf37c56d9c3f2.jpg   
    7 ᠰᠠᠷ᠎ᠠ ᠶᠢᠨ 9 ᠤ ᠡᠳᠦᠷ᠂ ᠵᠠᠷᠤᠳ ᠬᠤᠰᠢᠭᠤ ᠪᠣᠯᠣᠨ ᠾᠧᠨᠠᠨ ᠮᠤᠵᠢ ᠶᠢᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠬᠢᠨ ᠲᠠᠢ ᠲᠥᠷᠥᠯ ᠵᠦᠢᠯ ᠤᠨ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠶᠢᠨ ᠬᠢᠨ ᠨᠡᠭᠦᠷᠡᠰᠦᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠴᠢ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ ᠰᠠᠨᠠᠯ ᠢᠶᠠᠨ ᠬᠦᠨᠵᠡᠭᠡᠢ ᠰᠣᠯᠢᠯᠴᠠᠭᠰᠠᠨ ᠪᠥᠭᠡᠳ ᠨᠢᠭᠡᠳᠭᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠪᠠᠲᠤ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠢ᠂ ᠳ᠋ᠢᠩ ᡁᠢ ᠭᠠᠩ ᠪᠣᠯᠣᠨ ᠾᠧᠨᠠᠨ ᠮᠤᠵᠢ ᠶᠢᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠰᠦ ᠳ᠋ᠦᠩ ᠬᠤᠷᠠᠯ ᠳᠤ ᠣᠷᠣᠯᠴᠠᠪᠠ᠃ ᠾᠧᠨᠠᠨ ᠮᠤᠵᠢ ᠶᠢᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
bd6f99efae49c5e753dffd10e3b81e5.jpg   
    ᠱᠤᠤ ᠶᠠᠨ ᠵᠢᠶᠦ᠋ᠨ ᠪᠦᠭᠦ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠬᠥᠭᠵᠢᠯᠲᠡ ᠶᠢᠨ ᠰᠡᠳᠬᠢᠴᠡ ᠪᠠᠨ ᠲᠠᠨᠢᠯᠴᠠᠭᠤᠯᠵᠤ᠂ ᠵᠢᠴᠢ ᠰᠦ ᠳ᠋ᠦᠩ ᠬᠠᠮᠲᠤ ᠶᠠᠪᠣᠭᠰᠠᠳ ᠲᠠᠢ ᠪᠠᠨ ᠵᠠᠷᠣᠳ ᠲᠤ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠵᠠᠷᠤᠳ ᠬᠤᠰᠢᠭᠤᠨ ᠤ ᠡᠯᠪᠡᠭ ᠳᠡᠯᠪᠡᠭ ᠡᠬᠢ ᠪᠠᠶᠠᠯᠢᠭ ᠤᠨ ᠳᠠᠪᠠᠭᠤᠯᠢᠭ ᠪᠠ ᠾᠧᠨᠠᠨ ᠤ ᠣᠷᠣᠨ ᠪᠠᠶᠢᠷᠢ ᠶᠢᠨ ᠳᠠᠪᠠᠭᠤᠯᠢᠭ᠂ ᠬᠡᠷᠡᠭᠯᠡᠭᠡᠨ ᠤ ᠳᠠᠯᠳᠠ ᠬᠦᠴᠦᠨ ᠳᠤ ᠲᠦᠰᠢᠭᠯᠡᠨ᠂ ᠠᠵᠤ ᠦᠢᠯᠡᠰ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠵᠠᠬ᠎ᠠ ᠳᠡᠯᠭᠡᠭᠦᠷ ᠢ ᠬᠠᠮᠲᠤ ᠪᠠᠷ ᠪᠣᠶᠢᠵᠢᠭᠤᠯᠬᠤ᠂ ᠪᠠᠷᠢᠮᠵᠢᠶ᠎ᠠ ᠶᠢ ᠬᠠᠮᠲᠤ ᠪᠠᠷ ᠡᠭᠦᠳᠬᠦ᠂ ᠣᠷᠣᠨ ᠠᠯᠣᠰᠯᠠᠭᠰᠠᠨ ᠠᠵᠤ ᠠᠬᠤᠢ ᠶᠢᠨ ᠬᠠᠮᠲᠤᠷᠠᠯᠴᠠᠭ᠎ᠠ᠂ ᠬᠠᠮᠲᠤᠷᠠᠨ ᠬᠤᠳᠠᠯᠳᠤᠭᠠᠴᠢᠨ ᠤᠷᠢᠬᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠣᠯᠠᠨ ᠲᠠᠯ᠎ᠠ ᠶᠢᠨ ᠬᠠᠮᠲᠤᠷᠠᠯᠴᠠᠭ᠎ᠠ ᠶᠢ ᠰᠦᠪᠡᠭᠴᠢᠯᠡᠬᠦ ᠬᠡᠷᠡᠭᠲᠡᠢ᠃ ᠲᠣᠭᠤᠷᠢᠭ ᠤᠨ ᠲᠦᠷᠦᠯ ᠵᠦᠢᠯ ᠤᠨ ᠲᠠᠪᠴᠠᠩ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠭᠡᠷ᠎ᠡ ᠲᠣᠭᠲᠠᠬᠤ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠣᠭᠤᠷᠢᠭ ᠤᠨ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠢᠯ ᠲᠦᠷᠦᠯ ᠤᠨ ᠵᠡᠷᠭᠡᠪᠡᠷ ᠬᠥᠭᠵᠢᠬᠦ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠲᠣᠭᠤᠷᠢᠭ ᠲᠤ ᠲᠦᠪᠯᠡᠷᠡᠬᠦ ᠬᠡᠮᠵᠢᠶ᠎ᠡ ᠶᠢ ᠬᠦᠴᠦ ᠪᠠᠨ ᠬᠠᠮᠲᠤᠳᠬᠠᠨ ᠳᠡᠭᠡᠭᠰᠢᠯᠡᠭᠦᠯᠵᠦ᠂ ᠲᠣᠭᠤᠷᠢᠭ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠵᠦ᠂ ᠤᠯᠤᠰ ᠤᠨ ᠳᠡᠰ ᠤᠨ ᠣᠨᠴᠠᠯᠢᠭᠲᠤ ᠠᠵᠤ ᠦᠢᠯᠡᠰ ᠤᠨ ᠳᠡᠭᠡᠳᠦ ᠰᠢᠨ᠎ᠡ ᠮᠡᠷᠭᠡᠵᠢᠯ ᠤᠨ ᠲᠥᠪᠯᠡᠷᠡᠭᠰᠡᠨ ᠲᠣᠭᠤᠷᠢᠭ ᠢ ᠬᠠᠮᠲᠤᠪᠠᠷ ᠡᠭᠦᠳᠦᠨ ᠪᠠᠶᠢᠭᠤᠯᠵᠤ᠂ ᠣᠷᠣᠨ ᠪᠦᠰᠡ᠂ ᠡᠬᠢ ᠪᠠᠶᠠᠯᠢᠭ ᠤᠨ ᠵᠥᠷᠢᠶ᠎ᠡ ᠪᠠᠨ ᠬᠠᠷᠢᠯᠴᠠᠨ ᠨᠦᠬᠦᠪᠦᠷᠢᠯᠡᠭᠰᠡᠨ  ᠳᠠᠭᠤᠷᠢᠶᠠᠯᠲᠤ ᠲᠣᠭᠤᠷᠢᠭ ᠢ ᠡᠭᠦᠳᠬᠦ ᠬᠡᠷᠡᠭᠲᠡᠢ ᠭᠡᠪᠡ᠃  
bfa420b5f7d339876c426e042792d3f.jpg   
    ᠬᠤᠷᠠᠯ ᠳᠡᠭᠡᠷ᠎ᠡ᠂ ᠾᠧᠨᠠᠨ ᠮᠤᠵᠢ ᠶᠢᠨ ᠴᠢᠯᠠᠭᠤᠨ ᠲᠣᠰᠣ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠨᠡᠶᠢᠭᠡᠮᠯᠢᠭ ᠤᠨ ᠦᠨᠳᠦᠰᠦᠨ ᠪᠠᠶᠢᠳᠠᠯ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠣᠯᠣᠨ ᠬᠥᠭᠵᠢᠯᠲᠡ ᠶᠢᠨ ᠳᠠᠪᠠᠭᠤᠯᠢᠭ ᠢᠶᠠᠨ ᠲᠠᠨᠢᠯᠴᠠᠭᠤᠯᠪᠠ᠃ ᠬᠤᠶᠠᠷ ᠲᠠᠯ᠎ᠠ ᠶᠢᠨ  ᠬᠢᠨ ᠪᠠᠰᠠ ᠵᠠᠷᠤᠳ ᠬᠤᠰᠢᠭᠤ ᠪᠣᠯᠣᠨ ᠾᠧᠨᠠᠨ ᠮᠤᠵᠢ ᠶᠢᠨ ᠴᠢᠯᠠᠭᠤᠨ ᠲᠣᠰᠣ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠬᠠᠮᠲᠤᠷᠠᠨ ᠵᠠᠷᠤᠳ ᠬᠤᠰᠢᠭᠤᠨ ᠤ ᠠᠵᠤ ᠦᠢᠯᠡᠰ ᠤᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠬᠤ ᠲᠤᠬᠠᠢ ᠵᠥᠪᠯᠡᠯᠴᠡᠭᠡᠷ ᠲᠣᠭᠲᠠᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号