| | 7 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠳᠡᠳ᠋ ᠳᠠᠷᠤᠭ᠎ᠠ ᠹᠧᠩ ᠱᠤᠸᠠᠩ ᠢᠦᠢ ᠬᠠᠮᠲᠤ ᠶᠠᠪᠣᠭᠰᠠᠳ ᠲᠠᠢ ᠪᠠᠨ ᠵᠠᠷᠤᠳ ᠬᠤᠰᠢᠭᠤᠨ ᠳᠤ | ᠬᠦᠷᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠦᠷᠭᠡᠳᠭᠡᠬᠦ ᠵᠢᠴᠢ ᠰᠤᠮᠤ | ᠪᠠᠯᠭᠠᠰᠤ ︵ᠵᠡᠭᠡᠯᠢ ᠭᠤᠳᠤᠮᠵᠢ︶ ᠪᠣᠯᠣᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤᠨ ᠱᠠᠲᠤᠨ ᠤ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠢ | ᠲᠦᠯᠬᠢᠨ ᠠᠬᠢᠭᠤᠯᠬᠤ ᠲᠤᠬᠠᠢ ᠪᠠᠶᠢᠴᠠᠭᠠᠨ ᠰᠤᠳᠣᠯᠪᠠ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠸᠠᠩ ᠰᠢᠨ ᠰᠢᠨ ᠪᠣᠯᠣᠨ ᠬᠤᠰᠢᠭᠤᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ ᠪᠠᠷ᠎ᠠ ᠪᠣᠯᠵᠤ ᠪᠠᠶᠢᠴᠠᠭᠠᠨ | ᠰᠤᠳᠣᠯᠪᠠ᠃ | | | | ᠹᠧᠩ ᠱᠤᠸᠠᠩ ᠢᠦᠢ ᠤᠷᠢᠳ ᠬᠤᠵᠢᠳ ᠬᠤᠸᠠᠩ ᠬᠤᠩᠬᠠᠲᠤ ᠠᠭᠤᠯᠠ ᠪᠠᠯᠭᠠᠰᠤᠨ ᠤ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠲᠥᠪ᠂ ᠯᠦᠪᠸᠢ ᠵᠡᠭᠡᠯᠢ ᠭᠤᠳᠤᠮᠵᠢ ᠶᠢᠨ ᠹᠦ᠋ ᠯᠢ ᠴᠦᠨ ᠴᠧᠩ ᠨᠡᠶᠢᠭᠡᠮ | ᠲᠣᠭᠤᠷᠢᠭ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠵᠡᠷᠭᠡ ᠭᠠᠵᠠᠷ ᠲᠤ ᠬᠦᠷᠴᠦ᠂ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠥᠷᠲᠡᠭᠡᠨ ᠤ ᠵᠥᠭᠡᠯᠡᠨ ᠬᠠᠲᠠᠭᠤ ᠲᠣᠨᠤᠭ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠡᠷᠡᠭ ᠶᠠᠪᠣᠳᠠᠯ ᠤᠨ ᠨᠠᠷᠢᠨ ᠲᠠᠩᠰᠠ ᠶᠢ ᠡᠮᠬᠢᠯᠡᠬᠦ᠂ ᠣᠷᠣᠯᠠᠨ | ᠭᠦᠢᠴᠡᠳᠬᠡᠬᠦ ᠠᠵᠢᠯᠲᠠᠨ ᠤ ᠲᠣᠬᠢᠷᠠᠭᠤᠯᠣᠯᠲᠠ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠠᠵᠢᠯᠯᠠᠭᠠᠨ ᠤ ᠲᠣᠭᠲᠠᠴᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠠᠷᠤᠳ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠦᠷᠭᠡᠳᠭᠡᠬᠦ ᠶᠢ ᠲᠦᠯᠬᠢᠨ | ᠠᠬᠢᠭᠤᠯᠵᠤ ᠪᠠᠶᠢᠭ᠎ᠠ ᠠᠷᠭ᠎ᠠ ᠪᠠᠷᠢᠯ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯᠯᠠᠭᠠᠨ ᠤ ᠣᠳᠣᠬᠢ ᠪᠠᠶᠢᠳᠠᠯ ᠢ ᠨᠠᠷᠢᠨ ᠣᠶᠢᠯᠠᠭᠠᠪᠠ᠃ | | | | ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠹᠧᠩ ᠱᠤᠸᠠᠩ ᠢᠦᠢ ᠵᠠᠷᠤᠳ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠦᠷᠭᠡᠳᠭᠡᠬᠦ ᠠᠵᠢᠯ ᠢ ᠭᠦᠢᠴᠡᠳ ᠨᠤᠲᠠᠯᠠᠪᠠ᠃ ᠲᠡᠷᠡ | ᠱᠠᠭᠠᠷᠳᠠᠭᠰᠠᠨ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤᠨ ᠲᠡᠰᠢ ᠦᠷᠭᠡᠳᠭᠡᠭᠰᠡᠨ | ᠲᠤᠷᠰᠢᠯᠭ᠎ᠠ ᠠᠷᠭ᠎ᠠ ᠬᠢᠳᠡᠯ ᠢᠶᠠᠨ ᠬᠢᠨᠠᠮᠠᠭᠠᠢ ᠰᠠᠶᠢᠲᠤᠷ ᠳ᠋ᠦᠩᠨᠡᠵᠦ᠂ ᠣᠲᠣ ᠶᠢᠨ ᠪᠠᠶᠢᠭ᠎ᠠ ᠰᠠᠭᠤᠷᠢᠨ ᠳᠡᠭᠡᠷ᠎ᠡ ᠰᠢᠨ᠎ᠡ | ᠰᠢᠪᠲᠤᠯᠤᠯᠲᠠ ᠲᠠᠢ ᠪᠣᠯᠭᠠᠬᠤ ᠬᠡᠷᠡᠭᠲᠡᠢ᠃ ᠦᠨᠳᠦᠰᠦᠨ ᠱᠠᠲᠤᠨ ᠤ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ | ᠠᠭᠤᠯᠭ᠎ᠠ ᠶᠢ ᠤᠯᠠᠮ ᠨᠢᠭᠡ ᠠᠯᠬᠤᠮ ᠥᠷᠭᠡᠳᠬᠡᠨ ᠪᠠᠶᠠᠯᠢᠭᠵᠢᠭᠤᠯᠵᠤ᠂ ᠰᠤᠮᠤ ᠪᠠᠯᠭᠠᠰᠤ ︵ᠵᠡᠭᠡᠯᠢ ᠭᠤᠳᠤᠮᠵᠢ︶ | ᠪᠣᠯᠣᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤᠨ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠦᠢᠯᠡᠴᠢᠯᠡᠭᠡᠨ ᠤ ᠪᠠᠷᠢᠮᠵᠢᠶᠠᠵᠢᠭᠰᠠᠨ᠂ ᠵᠢᠷᠤᠮᠵᠢᠭᠰᠠᠨ᠂ ᠳᠥᠭᠦᠮᠴᠢᠯᠡᠭᠰᠡᠨ ᠬᠢᠷᠢ ᠲᠥᠪᠰᠢᠨ ᠢ | ᠳᠡᠭᠡᠭᠰᠢᠯᠡᠭᠦᠯᠦᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠳᠥᠲᠡ ᠪᠠᠶᠢᠬᠤ ᠬᠡᠮᠵᠢᠶ᠎ᠡ᠂ | ᠦᠢᠯᠡᠴᠢᠯᠡᠭᠡᠨ ᠤ ᠴᠢᠨᠠᠷ ᠰᠠᠶᠢᠲᠠᠢ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ ᠰᠠᠨᠠᠭ᠎ᠠ ᠠᠮᠤᠷ᠂ ᠰᠡᠳᠭᠢᠯ ᠲᠡᠨᠢᠭᠦᠨ᠂ ᠰᠡᠳᠬᠢᠯ ᠢ ᠨᠢ | ᠠᠭᠤᠵᠢᠷᠠᠭᠤᠯᠵᠤ᠂ ᠳᠣᠲᠣᠨᠣ ᠦᠢᠯᠡᠴᠢᠯᠡᠭᠡ ᠪᠠᠷ ᠣᠯᠠᠨ ᠲᠦᠮᠡᠨ ᠢ ᠰᠠᠨᠠᠭ᠎ᠠ ᠠᠮᠤᠷ ᠪᠠᠶᠢᠯᠠᠭᠠᠬᠤ ᠬᠡᠷᠡᠭᠲᠡᠢ ᠭᠡᠪᠡ᠃ |