ᠳ᠋ᠦᠩ ᠭᠤᠸᠠᠩ ᠢᠦᠢ ᠬᠥᠳᠡᠭᠡ ᠲᠣᠰᠬᠤᠨ ᠤ ᠵᠠᠰᠠᠮᠠᠯ ᠵᠠᠮ ᠤᠨ ᠣᠳᠣᠬᠢ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/11
   
24b43bde4ae7002d8d23cf34eb8ad4e.jpg   
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠶᠢᠳᠠᠯ ᠠᠨᠠᠢ ᠪᠠᠶᠢᠬᠤ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠥᠯᠥᠭᠡ᠂ 7 ᠰᠠᠷ᠎ᠠ ᠶᠢᠨ 7  ᠤ ᠡᠳᠦᠷ᠂ ᠵᠠᠷᠤᠳ  ᠬᠤᠰᠢᠭᠤᠨ ᠤ ᠳᠡᠳ᠋ ᠬᠤᠰᠢᠭᠤᠨ ᠳᠠᠷᠤᠭ᠎ᠠ ᠳ᠋ᠦᠩ ᠭᠤᠸᠠᠩ ᠢᠦᠢ ᠬᠤᠩᠬᠠᠲᠤ ᠠᠭᠤᠯᠠ ᠠᠴᠠ ᠳᠣᠯᠣᠲᠤ ᠬᠦᠷᠬᠦ ᠵᠠᠰᠠᠮᠠᠯ ᠵᠠᠮ ᠤᠨ ᠬᠦᠪᠡᠭᠡ ᠶᠢ ᠦᠷᠭᠡᠳᠭᠡᠨ ᠳᠡᠪᠢᠰᠬᠦ ᠪᠠᠷᠢᠯᠭ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠣᠯᠪᠠ᠂ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠣᠯᠪᠠ᠃  
9983684b1f9b1e66b8432ef302cd4fe.jpg   
    ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠳ᠋ᠦᠩ ᠭᠤᠸᠠᠩ ᠢᠦᠢ ᠪᠠᠷᠢᠯᠭ᠎ᠠ ᠶᠢᠨ ᠠᠬᠢᠴᠠ᠂ ᠪᠠᠷᠢᠯᠭ᠎ᠠ ᠶᠢᠨ ᠶᠠᠰᠤ ᠴᠢᠨᠠᠷ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠰᠡᠯᠪᠢᠨ ᠵᠠᠰᠠᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠠᠰᠠᠭᠤᠨ ᠯᠠᠪᠯᠠᠭᠰᠠᠨ ᠪᠥᠭᠡᠳ ᠬᠦᠴᠢᠷᠳᠡᠯ ᠲᠠᠢ ᠠᠰᠠᠭᠤᠳᠠᠯ ᠢ ᠲᠤᠬᠠᠢ ᠶᠢᠨ ᠭᠠᠵᠠᠷ ᠲᠤᠨᠢ ᠠᠯᠪᠠᠯᠠᠵᠤ ᠵᠣᠬᠢᠴᠠᠭᠤᠯᠤᠨ ᠰᠢᠢᠳᠪᠦᠷᠢᠯᠡᠪᠡ᠃ 
16bf6134f5850180237a55d1b065c55.jpg   
    ᠳ᠋ᠦᠩ ᠭᠤᠸᠠᠩ ᠢᠦᠢ ᠵᠢᠭᠠᠪᠣᠷᠢᠯᠠᠭᠰᠠᠨ ᠨᠢ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠣᠯ ᠠᠷᠠᠳ ᠤᠯᠠᠨ ᠤ ᠶᠠᠪᠤᠵᠤ ᠰᠠᠭᠤᠬᠤ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤᠷᠠᠨ ᠠᠵᠢᠯᠯᠠᠬᠤ ᠪᠠᠨ ᠴᠢᠩᠭᠠᠳᠬᠠᠵᠤ᠂ ᠪᠠᠷᠢᠯᠭ᠎ᠠ ᠪᠠᠷᠢᠬᠤ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠠᠶᠢᠲᠤᠷ ᠰᠢᠢᠳᠪᠦᠷᠢᠯᠡᠵᠦ᠂ ᠪᠠᠷᠢᠯᠭ᠎ᠠ ᠶᠢᠨ ᠠᠬᠢᠴᠠ ᠶᠢ ᠪᠦᠬᠦ ᠲᠠᠯ᠎ᠠ ᠪᠠᠷ ᠲᠦᠷᠭᠡᠳᠬᠡᠵᠦ᠂ ᠵᠠᠮ ᠵᠠᠰᠠᠬᠤ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠣᠯᠠᠨ ᠲᠦᠮᠡᠨ ᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠰᠠᠨᠠᠯ ᠪᠠ ᠱᠠᠭᠠᠷᠳᠠᠯᠭ᠎ᠠ ᠶᠢ ᠢᠯᠡᠭᠦᠬᠡᠨ ᠰᠣᠨᠣᠰᠴᠤ᠂ ᠣᠯᠠᠨ ᠲᠦᠮᠡᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠳᠡᠮᠵᠢᠬᠦ ᠪᠠ ᠬᠢᠨᠠᠯᠲᠠ ᠲᠠᠯᠪᠢᠬᠤ ᠶᠢ ᠵᠥᠪ ᠢᠶᠠᠷ ᠬᠥᠲᠥᠯᠥᠨ ᠵᠢᠯᠤᠭᠤᠳᠴᠤ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠰᠠᠬᠢᠵᠤ᠂ ᠶᠠᠰᠤ ᠴᠢᠨᠠᠷ ᠢ ᠲᠡᠷᠢᠭᠦᠨ ᠳᠤ ᠲᠠᠯᠪᠢᠵᠤ᠂ ᠠᠷᠠᠳ ᠤᠨ ᠰᠡᠳᠬᠢᠯ ᠢ ᠣᠯᠬᠤ ᠢᠨᠵᠧᠨᠧᠷᠢᠩ ᠢ ᠦᠨᠡᠨ ᠬᠦ ᠪᠠᠶᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠪᠥᠬᠦ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠳᠤ ᠳᠥᠭᠦᠮ ᠳᠥᠲᠡ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号