7 ᠰᠠᠷ᠎ᠠ ᠶᠢᠨ 11 ᠤ ᠡᠳᠦᠷ᠂ ᠵᠠᠷᠤᠳ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ | ᠰᠢᠯᠢᠳᠡᠭᠵᠢᠭᠦᠯᠬᠦ᠂ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ᠂ ᠦᠢᠯᠡᠴᠢᠯᠡᠭᠡᠨ ᠤ ᠲᠠᠯ᠎ᠠ ᠪᠠᠷ ᠵᠠᠢ | ᠦᠭᠡᠢ ︽ᠭᠡᠷ ᠪᠠᠶᠢᠰᠢᠩ ᠲᠤᠰᠢᠶᠠᠬᠤ ᠶᠢᠨ ᠲᠠᠭᠠᠤ ᠦᠨᠡᠮᠯᠡᠯ ᠦᠭᠬᠦ︾ ᠲᠤᠷᠰᠢᠯᠲᠠ ᠶᠢᠨ ᠴᠡᠭ ᠤᠨ ᠶᠣᠰᠣᠯᠠᠯ | ᠶᠠᠪᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ | ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠴᠢᠶᠠᠨ ᠱᠦᠨ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠶᠣᠰᠣᠯᠠᠯ ᠳᠤ ᠤᠷᠤᠯᠴᠠᠪᠠ᠃ | | | | ᠪᠠᠲᠤ᠂ ᠡᠨᠡ ᠵᠢᠯ ᠠᠴᠠ ᠨᠠᠰᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠭᠡᠮ ᠤᠨ | ᠠᠩᠬᠠᠷᠤᠯ ᠲᠠᠯᠪᠢᠵᠦ ᠪᠠᠶᠢᠭ᠎ᠠ ᠵᠤᠶᠢᠯ ᠳᠤ ᠢᠳᠡᠪᠬᠢᠲᠡᠢ ᠬᠠᠷᠢᠭᠤᠯᠲᠠ ᠥᠭᠴᠦ᠂ ᠠᠵᠤ ᠠᠬᠤᠶᠢᠯᠠᠯ ᠪᠣᠯᠣᠨ ᠤᠯᠠᠨ | ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠭᠡᠷ ᠭᠠᠵᠠᠷ ᠬᠥᠷᠥᠩᠭᠡ ᠶᠢᠨ ᠬᠦᠷᠢᠶᠡᠨ ᠤ ︽ | ᠳᠠᠩᠰᠠᠯᠠᠭᠤᠯᠬᠤ ᠳᠤ ᠬᠦᠴᠢᠷ︾᠂ ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠳᠤ | ᠠᠩᠬᠠᠷᠤᠯ ᠢᠶᠠᠨ ᠲᠦᠪᠯᠡᠷᠡᠭᠦᠯᠪᠡ᠃ ︽ᠭᠡᠷ ᠪᠠᠶᠢᠰᠢᠩ ᠲᠤᠰᠢᠶᠠᠬᠤ ᠶᠢᠨ ᠲᠠᠭᠠᠤ ᠦᠨᠡᠮᠯᠡᠯ ᠦᠭᠬᠦ ︾ ᠲᠤᠷᠰᠢᠯᠲᠠ | ᠤᠨ ᠠᠵᠢᠯ ᠢ ᠥᠷᠨᠢᠭᠦᠯᠵᠦ᠂ ᠥᠩᠭᠡᠷᠡᠭᠰᠡᠨ ᠳᠤ ᠭᠡᠷ ᠪᠠᠶᠢᠰᠢᠩ ᠬᠤᠳᠠᠯᠳᠤᠨ ᠠᠪᠤᠭᠴᠢ ᠶᠢᠨ ᠦᠨᠡᠮᠯᠡᠯ ᠤᠯᠬᠤ ᠨᠢ | ᠤᠳᠠᠭᠠᠨ ᠪᠠᠶᠢᠭᠰᠠᠨ ᠠᠴᠠ ᠪᠣᠯᠵᠤ ᠡᠷᠦᠬᠡ ᠠᠮᠠ ᠣᠷᠣᠬᠤ᠂ ᠦᠷ᠎ᠡ ᠬᠡᠦᠬᠡᠳ ᠨᠢ ᠰᠤᠷᠭᠠᠭᠤᠯᠢ ᠳᠤ ᠣᠷᠣᠬᠤ᠂ | ᠪᠡᠯᠡ ᠮᠥᠩᠭᠦ ᠶᠢᠨ ᠡᠷᠭᠢᠯᠲᠡ ᠬᠢᠬᠦ ᠵᠡᠷᠭᠡ ᠲᠠᠯ᠎ᠠ ᠪᠠᠷ ᠠᠯᠢ ᠣᠯᠠᠨ ᠳᠥᠭᠦᠮ ᠦᠭᠡᠢ ᠪᠠᠶᠢᠳᠠᠯ ᠢ ᠰᠢᠢᠳᠪᠦᠷᠢᠯᠡᠭᠰᠡᠨ | ᠮᠥᠷᠲᠡᠭᠡᠨ ᠪᠠᠰᠠ ᠪᠦᠲᠦᠭᠡᠨ ᠪᠠᠶᠢᠭᠤᠯᠬᠤ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠨᠡᠭᠡᠭᠡᠨ | ᠬᠥᠭᠵᠢᠭᠦᠯᠬᠦ ᠠᠵᠤ ᠠᠬᠤᠶᠢᠯᠠᠯ ᠤᠨ ᠭᠡᠷ ᠪᠠᠶᠢᠰᠢᠩ ᠤᠨ ᠶᠠᠰᠤ ᠴᠢᠨᠠᠷ ᠪᠠ ᠰᠡᠭᠦᠯᠴᠢ ᠶᠢᠨ ᠬᠤᠭᠤᠴᠠᠭᠠᠨ ᠤ | ᠦᠢᠯᠡᠴᠢᠯᠡᠭᠡ ᠶᠢ ᠨᠠᠩ ᠢᠯᠡᠭᠦᠦ ᠴᠢᠬᠤᠯᠠᠴᠢᠯᠠᠬᠤ ᠶᠢ ᠠᠬᠢᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠭᠰᠡᠨ ᠤ | ᠳᠠᠷᠠᠭ᠎ᠠ ᠬᠢᠨᠠᠨ ᠬᠠᠮᠢᠶᠠᠷᠬᠤ ᠳᠤ ᠬᠦᠴᠢᠷᠲᠡᠢ ᠪᠠᠶᠢᠭᠰᠠᠨ ᠠᠰᠠᠭᠤᠳᠠᠯ ᠢ ᠰᠢᠢᠳᠪᠦᠷᠢᠯᠡᠨ᠂ ᠠᠵᠢᠯ ᠤᠨ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | | | | ᠪᠠᠲᠤ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨ ︽ᠭᠡᠷ | ᠪᠠᠶᠢᠰᠢᠩ ᠲᠤᠰᠢᠶᠠᠬᠤ ᠶᠢᠨ ᠲᠠᠭᠠᠤ ᠦᠨᠡᠮᠯᠡᠯ ᠦᠭᠬᠦ︾ ᠲᠤᠷᠰᠢᠯᠲᠠ ᠶᠢᠨ ᠴᠡᠭ ᠤᠨ ᠠᠵᠢᠯ ᠪᠠᠷ ᠠᠵᠠ ᠲᠣᠬᠢᠶᠠᠯ | ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠠᠤᠯᠢ ᠶᠣᠰᠣᠭᠠᠷ ᠳᠠᠩᠰᠠᠯᠠᠬᠤ᠂ ᠠᠯᠬᠤᠮ ᠳᠠᠷᠠᠭ᠎ᠠ ᠶᠢ ᠪᠠᠭᠠᠰᠬᠠᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ | ᠦᠨᠡᠨᠬᠦ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠢ ᠰᠠᠨᠠᠭ᠎ᠠ ᠠᠮᠤᠷ᠂ ᠰᠡᠳᠬᠢᠯ ᠲᠠᠶᠢᠪᠤᠭᠤ ᠪᠠᠶᠢᠯᠭᠠᠵᠤ | ᠂ ᠪᠥᠬᠦ ᠬᠤᠰᠢᠭᠤᠨ ᠤ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ ᠪᠠᠲᠤᠯᠠᠵᠤ᠂ ᠴᠢᠨᠠᠷ ᠰᠠᠶᠢᠲᠠᠢ | ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠪᠥᠬᠦ ᠬᠤᠰᠢᠭᠤᠨ ᠤ | ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠢ ᠡᠭᠦᠨ ᠢᠶᠠᠷ ᠰᠢᠨ᠎ᠡ ᠡᠬᠢᠯᠡᠯᠲᠡ ᠪᠣᠯᠭᠠᠵᠤ᠂ | ᠲᠤᠷᠰᠢᠯᠲᠠ ᠶᠢᠨ ᠴᠡᠭ ᠤᠨ ᠠᠵᠢᠯ ᠤᠨ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠨ᠂ ᠲᠡᠯᠭᠡᠷᠡᠭᠦᠯᠤᠨ | ᠬᠡᠷᠡᠭᠵᠢᠭᠦᠯᠬᠦ ᠶᠢ ᠲᠦᠷᠭᠡᠳᠬᠡᠵᠦ᠂ ᠪᠦᠲᠦᠮᠵᠢᠲᠡᠶ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ︽ᠭᠡᠷ | ᠪᠠᠶᠢᠰᠢᠩ ᠲᠤᠰᠢᠶᠠᠬᠤ ᠶᠢᠨ ᠲᠠᠭᠠᠤ ᠦᠨᠡᠮᠯᠡᠯ ᠦᠭᠬᠦ︾ ᠠᠵᠢᠯ ᠤᠨ ᠪᠠᠶᠢᠩᠭᠤ ᠶᠢᠨ ᠲᠣᠭᠲᠠᠴᠠ ᠶᠢ ᠴᠢᠷᠮᠠᠶᠢᠨ | ᠪᠠᠶᠢᠭᠤᠯᠵᠤ᠂ ᠨᠠᠩ ᠣᠯᠠᠨ ᠭᠡᠷ ᠪᠠᠶᠢᠰᠢᠩ ᠬᠤᠳᠠᠯᠳᠤᠨ ᠠᠪᠤᠭᠴᠢᠳ ᠲᠤ ︽ᠭᠡᠷ ᠪᠠᠶᠢᠰᠢᠩ ᠲᠤᠰᠢᠶᠠᠬᠤ ᠶᠢᠨ | ᠲᠠᠭᠠᠤ ᠦᠨᠡᠮᠯᠡᠯ ᠦᠭᠬᠦ︾ ᠥᠭᠡᠷᠡᠴᠢᠯᠡᠯᠲᠡ ᠶᠢᠨ ᠠᠰᠢᠭ ᠢ ᠬᠦᠷᠲᠡᠭᠡᠵᠦ᠂ ᠣᠯᠠᠨ ᠲᠦᠮᠡᠨ ᠳᠤ ᠦᠢᠯᠡᠴᠢᠯᠡᠬᠦ ︽ | ᠡᠴᠦᠰ ᠤᠨ ᠨᠢᠭᠡ ᠺᠢᠯᠣᠮᠧᠲᠷ︾ ᠢ ᠨᠡᠪᠳᠡᠷᠡᠭᠦᠯᠬᠦ ᠬᠡᠷᠡᠭᠳᠠᠢ ᠭᠡᠪᠡ᠃ | |