ᠵᠠᠷᠤᠳ ᠬᠤᠰᠢᠭᠤ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠬᠤ ᠶᠢ ᠪᠠᠷᠢᠮᠲᠠᠯᠠᠵᠤ ᠺᠠᠳ᠋ᠷ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/7/12
          ᠡᠨᠡ ᠵᠢᠯ ᠠᠴᠠ ᠨᠠᠰᠢ᠂ ᠵᠠᠷᠤᠳ ᠬᠤᠰᠢᠭᠤᠨ ᠤ ᠬᠢᠨ ︽ᠵᠠᠷ ᠱᠠᠯᠠᠵᠤ ᠠᠵᠢᠯ ᠲᠣᠰᠬᠤ︾ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠠᠷᠪᠠᠨ ᠵᠦᠢᠯ ᠤᠨ ᠠᠵᠢᠯᠯᠠᠭ᠎ᠠ︾ ᠥᠷᠨᠢᠭᠦᠯᠬᠦ ᠪᠠᠷ ᠬᠦᠴᠦᠯᠡᠬᠦ ᠴᠡᠭ ᠪᠣᠯᠭᠠᠵᠤ᠂ ᠺᠠᠳ᠋ᠷ ᠤᠨ ᠰᠤᠷᠭᠠᠨ ᠬᠥᠮᠦᠵᠢᠯ ᠤᠨ ᠠᠴᠢᠶᠠᠯᠠᠪᠤᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠪᠥᠬᠦ ᠬᠤᠰᠢᠭᠤᠨ ᠤ ᠡᠯ᠎ᠡ ᠨᠠᠮ ᠵᠠᠰᠠᠭ ᠤᠨ ᠪᠠᠶᠢᠭᠤᠯᠤᠯᠭ᠎ᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ︽ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠬᠤ︾ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠯᠭ᠎ᠠ ᠪᠠᠷ ᠬᠡᠷᠡᠭᠯᠡᠬᠦ ᠶᠢ ᠠᠬᠢᠭᠤᠯᠵᠤ᠂ ᠺᠠᠳ᠋ᠷ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠨᠡᠮᠡᠭᠳᠡᠬᠦ ᠶᠢ ᠦᠷᠭᠦᠯᠵᠢᠯᠡᠨ ᠠᠬᠢᠭᠤᠯᠪᠠ᠃ 
333a186fa673c50313a6cf68973621d.jpg
         ᠮᠡᠳᠡᠵᠦ ᠡᠵᠡᠮᠰᠢᠪᠠᠰᠤ ᠵᠣᠬᠢᠬᠤ ᠤᠨᠤᠯ ᠤᠨ ᠮᠡᠳᠡᠯᠭᠡ ᠶᠢ ᠴᠢᠬᠤᠯᠠᠴᠢᠯᠠᠨ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠬᠤ ᠳᠤ ᠠᠩᠬᠠᠷᠤᠯ ᠢᠶᠠᠨ ᠲᠦᠪᠯᠡᠷᠡᠭᠦᠯᠪᠡ᠃ ᠪᠦᠬᠦ ᠬᠤᠰᠢᠭᠤᠨ ᠤ ᠡᠯ᠎ᠡ ᠨᠠᠮ ᠵᠠᠰᠠᠭ ᠤᠨ ᠪᠠᠶᠢᠭᠤᠯᠭ᠎ᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ 2022 ᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠪᠠᠷ ᠭᠤᠣᠯ ᠪᠣᠯᠭᠠᠨ᠂ ᠤᠯᠠᠷᠢᠯ ᠪᠦᠷᠢ ᠳᠤ ᠪᠦᠬᠦ ᠺᠠᠳ᠋ᠷᠴᠤᠳ ᠲᠤ ᠬᠠᠨᠳᠤᠭᠤᠯᠤᠨ ᠨᠢᠭᠡ ᠤᠳᠠᠭ᠎ᠠ ᠶᠢᠨ ᠮᠡᠳᠡᠵᠦ ᠡᠵᠡᠮᠰᠢᠪᠠᠰᠤ ᠵᠣᠬᠢᠬᠤ ᠤᠨᠤᠯ ᠤᠨ ᠮᠡᠳᠡᠯᠭᠡ ᠶᠢᠨ ᠰᠢᠯᠭᠠᠯᠲᠠ ᠬᠢᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠣᠯᠠᠮ ᠨᠢᠭᠡ ᠠᠯᠬᠤᠮ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠵᠢᠯ ᠤᠨ ᠦᠢᠯᠡᠳᠦᠯᠭᠡ ᠳᠤᠮᠳᠠ ᠪᠠᠨ ᠦᠨᠡᠨᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠪᠠᠨ ᠡᠭᠦᠷᠭᠡᠯᠡᠬᠦ ᠶᠢ ᠠᠬᠢᠭᠤᠯᠪᠠ᠃ ᠣᠲᠣ ᠨᠢᠭᠡᠨᠲᠡ 124 ᠬᠤᠭᠤᠴᠠᠭ᠎ᠠ 9732 ᠬᠦᠮᠦᠰ ᠲᠤ ᠮᠡᠳᠡᠵᠦ ᠡᠵᠡᠮᠰᠢᠪᠠᠰᠤ ᠵᠣᠬᠢᠬᠤ ᠮᠡᠳᠡᠯᠭᠡ ᠶᠢᠨ ᠰᠢᠯᠭᠠᠯᠲᠠ ᠶᠢ ᠵᠣᠬᠢᠶᠠᠨ ᠪᠠᠶᠢᠭᠤᠯᠪᠠ᠃ 
9506afb729449c4fffce83cb495ea2a.jpg   
     ᠠᠵᠢᠯ ᠲᠥᠷᠥᠯ ᠤᠨ ᠬᠦᠷᠢᠶ᠎ᠡ ᠴᠠᠷ᠎ᠠ ᠳᠠᠬᠢ ᠲᠤᠰᠬᠠᠢ ᠮᠡᠷᠭᠡᠵᠢᠯ ᠤᠨ ᠮᠡᠳᠡᠯᠭᠡ ᠶᠢ ᠴᠢᠬᠤᠯᠠᠴᠢᠯᠠᠨ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠬᠤ ᠳᠤ ᠠᠩᠬᠠᠷᠣᠯ ᠢᠶᠠᠨ ᠲᠦᠪᠯᠡᠷᠡᠭᠦᠯᠪᠡ᠃ ︽ᠴᠠᠭ ᠦᠶ᠎ᠡ ᠲᠠᠢ ᠵᠡᠷᠭᠡ  ᠪᠠᠷ ᠤᠷᠤᠭᠰᠢᠯᠠᠵᠤ᠂ ᠪᠣᠳᠠᠲᠤ ᠬᠡᠷᠡᠭᠴᠡᠭᠡ ᠶᠢ ᠵᠡᠷᠭᠡ ᠳᠤ ᠨᠢ ᠪᠣᠳᠣᠯᠴᠠᠬᠤ︾ ᠵᠠᠷᠴᠢᠮ ᠶᠣᠰᠣᠭᠠᠷ᠂ ᠡᠯ᠎ᠡ ᠨᠠᠮ ᠵᠠᠰᠠᠭ ᠤᠨ ᠪᠠᠶᠢᠭᠤᠯᠤᠯᠭ᠎ᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠡᠪᠡᠰᠦ ᠪᠡᠯᠴᠢᠭᠡᠷ᠂  ᠰᠢᠨᠵᠢᠯᠡᠭᠡ ᠮᠡᠷᠭᠡᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠣᠷᠣᠨ ᠪᠦᠰᠡ ᠶᠢᠨ ᠠᠵᠤ ᠠᠬᠤᠢ᠂ ᠬᠥᠭᠵᠢᠭᠦᠯᠦᠯᠲᠡ ᠥᠭᠡᠷᠡᠴᠢᠯᠡᠯᠲᠡ᠂ ᠬᠠᠣᠯᠢ ᠴᠠᠭᠠᠵᠠ ᠶᠢᠨ ᠳᠥᠷᠪᠠᠨ ᠪᠠᠶᠢᠭᠤᠯᠭ᠎ᠠ ᠵᠡᠷᠭᠡ ᠠᠵᠢᠯ ᠲᠥᠷᠥᠯ ᠤᠨ ᠬᠦᠷᠢᠶ᠎ᠡ ᠴᠠᠷ᠎ᠠ ᠳᠠᠬᠢ ᠲᠤᠰᠬᠠᠢ ᠮᠡᠷᠭᠡᠵᠢᠯ ᠤᠨ ᠮᠡᠳᠡᠯᠭᠡ ᠶᠢᠨ ᠴᠡᠭ ᠤᠨ ᠲᠣᠭᠤᠷᠢᠨ ᠳᠤ ᠭᠤᠣᠯᠳᠠᠯᠭ᠎ᠠ ᠲᠠᠢ ᠰᠡᠳᠦᠪ ᠭᠠᠷᠭᠠᠵᠤ᠂ ᠲᠣᠰ ᠰᠠᠯᠠᠭ᠎ᠠ ᠮᠥᠴᠢᠷ ᠲᠣᠰ ᠨᠢᠭᠡᠴᠡ ᠳᠡᠭᠡᠨ ᠤᠯᠠᠷᠢᠯ ᠪᠦᠷᠢ ᠳᠤ ᠨᠢᠭᠡ ᠤᠳᠠᠭ᠎ᠠ ᠰᠢᠯᠭᠠᠯᠲᠠ ᠬᠢᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠪᠥᠬᠦ ᠲᠠᠯ᠎ᠠ ᠪᠠᠷ᠂ ᠣᠯᠠᠨ ᠲᠠᠰ ᠳᠠᠪᠬᠤᠷᠭ᠎ᠠ ᠪᠠᠷ ᠰᠢᠯᠭᠠᠨ ᠪᠠᠶᠢᠴᠠᠭᠠᠵᠤ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠬᠤ᠂ ᠰᠢᠯᠭᠠᠯᠲᠠ ᠪᠠᠷ ᠬᠡᠷᠡᠭᠯᠡᠬᠦ ᠶᠢ ᠠᠬᠢᠭᠤᠯᠬᠤ ᠦᠷ᠎ᠡ ᠪᠦᠲᠦᠮᠵᠢ ᠳᠤ ᠦᠨᠡᠨᠬᠦ  ᠬᠦᠷᠦᠭᠦᠯᠪᠡ᠃ ᠣᠲᠣ ᠪᠣᠯᠲᠠᠯ᠎ᠠ᠂ ᠡᠯ᠎ᠡ ᠨᠠᠮ ᠵᠠᠰᠠᠭ ᠤᠨ ᠪᠠᠶᠢᠭᠤᠯᠤᠯᠭ᠎ᠠ ᠪᠣᠯᠣᠨ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠬᠢᠨ ᠳᠤ ᠨᠡᠶᠢᠲᠡ 112 ᠬᠤᠭᠤᠴᠠᠭ᠎ᠠ 8730  ᠬᠦᠮᠦᠰ ᠲᠤ ᠠᠵᠢᠯ ᠲᠥᠷᠥᠯ ᠤᠨ ᠬᠦᠷᠢᠶ᠎ᠡ ᠴᠠᠷ᠎ᠠ ᠳᠠᠬᠢ ᠲᠤᠰᠬᠠᠢ ᠮᠡᠷᠭᠡᠵᠢᠯ ᠤᠨ ᠮᠡᠳᠡᠯᠭᠡ ᠶᠢᠨ ᠰᠢᠯᠭᠠᠯᠲᠠ ᠦᠷᠨᠢᠭᠦᠯᠪᠡ᠃ 
ff9ffcd6d46022d02ff40bb61e48c4c.jpg   
     ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠰᠠᠭᠤᠷᠢ ᠮᠡᠳᠡᠯᠭᠡ ᠶᠢ ᠴᠢᠬᠤᠯᠠᠴᠢᠯᠠᠨ ᠲᠣᠭᠲᠠᠮᠠᠯ ᠬᠤᠭᠤᠴᠠᠭ᠎ᠠ  ᠲᠠᠢ ᠪᠠᠷ ᠰᠢᠯᠭᠠᠬᠤ ᠳᠤ ᠠᠩᠬᠠᠷᠣᠯ ᠢᠶᠠᠨ ᠲᠦᠪᠯᠡᠷᠡᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠲᠦᠷᠦᠭᠦᠯᠡᠨ ᠬᠠᠷᠢᠭᠤᠴᠠᠵᠤ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠰᠠᠭᠤᠷᠢ ᠮᠡᠳᠡᠯᠭᠡ ᠶᠢᠨ ᠰᠢᠯᠭᠠᠯᠲᠠ ᠶᠢ ᠬᠠᠭᠠᠰ ᠵᠢᠯ ᠪᠣᠯᠬᠤ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠰᠢᠯᠭᠠᠯᠲᠠ ᠳᠤ ᠣᠷᠣᠯᠴᠠᠭᠰᠠᠳ ᠨᠢ ᠳᠠᠷᠣᠢ ᠪᠥᠬᠦ ᠬᠤᠰᠢᠭᠤᠨ ᠤ ᠰᠠᠯᠠᠭᠠᠨ ᠤ ᠲᠠᠰ ᠤᠨ ᠤᠳᠤᠷᠢᠳᠬᠤ ᠺᠠᠳ᠋ᠷ ᠪᠣᠯᠣᠨ᠎ᠠ᠂ ᠰᠢᠯᠭᠠᠯᠲᠠ ᠶᠢᠨ ᠠᠭᠤᠯᠭ᠎ᠠ ᠳᠤ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠤᠶᠠᠷ ᠢ ᠣᠷᠢᠵᠤ ᠬᠤᠶᠠᠷ ᠢ ᠲᠠᠲᠠᠬᠤ᠂ ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠳᠤᠯ ᠦᠭᠡᠢ ᠬᠥᠭᠵᠢᠭᠦᠯᠬᠦ ᠵᠢᠴᠢ ᠰᠢᠨ᠎ᠡ ᠣᠶᠢᠯᠠᠭᠠᠭᠳᠠᠬᠤᠨ ᠢ ᠲᠤᠤᠱᠯᠠᠭᠤᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠶᠢ ᠬᠠᠮᠤᠷᠴᠤ᠂ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ ᠴᠢᠳᠠᠪᠤᠷᠢ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠶᠡᠷᠦᠩᠬᠡᠶᠢᠯᠡᠭᠰᠡᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠣᠲᠣ ᠨᠢᠭᠡᠨᠲᠡ 1 ᠬᠤᠭᠤᠴᠠᠭ᠎ᠠ 536 ᠬᠦᠮᠦᠰ ᠲᠤ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠰᠠᠭᠤᠷᠢ ᠮᠡᠳᠡᠯᠭᠡ ᠶᠢᠨ ᠰᠢᠯᠭᠠᠯᠲᠠ ᠥᠷᠨᠢᠭᠦᠯᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号