ᠵᠠᠷᠤᠳ ᠬᠤᠰᠢᠭᠤ ᠥᠪᠥᠷ ᠮᠣᠩᠭᠤᠯ ᠤᠨ ᠰᠧᠴᠤᠸᠠᠨ ᠤ ᠬᠤᠳᠠᠯᠳᠤᠭᠠᠴᠢᠳ ᠤᠨ ᠡᠪᠯᠡᠯ ᠤᠨ ᠰᠢᠨᠵᠢᠯᠡᠨ ᠪᠠᠶᠢᠴᠠᠭᠠᠬᠤ ᠪᠦᠯᠬᠦᠮ ᠲᠠᠢ ᠲᠥᠷᠥᠯ ᠵᠦᠢᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/7/13
     7 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤᠨ ᠤ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠥᠪᠥᠷ ᠮᠣᠩᠭᠤᠯ ᠤᠨ ᠰᠧᠴᠤᠸᠠᠨ ᠤ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠴᠧᠨ ᠰᠢᠩ ᠭᠦᠸᠧ ᠨᠠᠷ ᠲᠠᠢ ᠬᠤᠳᠠᠯᠳᠤᠭᠠᠴᠢᠨ ᠤᠷᠢᠬᠤ ᠬᠠᠮᠵᠢᠯᠴᠠᠭᠠᠨ ᠤ ᠲᠥᠷᠥᠯ ᠵᠦᠢᠯ ᠤᠨ ᠲᠤᠬᠠᠢ ᠰᠠᠭᠤᠳᠠᠯ ᠤᠨ ᠬᠤᠷᠠᠯ ᠬᠢᠪᠡ᠃ ᠬᠤᠲᠠ ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
微信图片_20220713104835_副本.jpg     
      ᠳ᠋ᠢᠩ ᡁᠢ ᠭᠠᠩ ᠠᠴᠠ ᠴᠧᠨ ᠰᠢᠩ ᠭᠦᠸᠧ ᠨᠠᠷ ᠤᠨ ᠵᠠᠷᠤᠳ ᠬᠤᠰᠢᠭᠤᠨ ᠳᠤ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠳᠤ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠳ᠋ᠢᠩ ᡁᠢ ᠭᠠᠩ ᠬᠡᠯᠡᠬᠦ ᠳᠡᠭᠡᠨ᠂ ᠵᠠᠷᠤᠳ ᠬᠤᠰᠢᠭᠤᠨ ᠤ ᠡᠬᠢ ᠪᠠᠶᠠᠯᠢᠭ ᠡᠯᠪᠡᠭ ᠳᠡᠯᠪᠡᠭ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠯᠠᠪᠳᠠᠭᠤᠨ ᠪᠠᠲᠤᠲᠠᠢ᠂ ᠨᠡᠭᠡᠭᠡᠨ ᠬᠥᠭᠵᠢᠭᠦᠯᠬᠦ ᠢᠷᠡᠭᠡᠳᠦᠢ ᠥᠷᠭᠡᠨ ᠠᠭᠤᠳᠠᠮ᠂ ᠨᠥᠭᠡᠴᠡ ᠬᠦᠴᠦᠨ ᠲᠡᠭᠦᠯᠳᠡᠷ ᠪᠠᠶᠢᠵᠤ᠂ ᠪᠡᠯᠡ ᠣᠷᠣᠭᠤᠯᠤᠨ ᠦᠢᠯᠡᠰ ᠴᠣᠭᠴᠠᠯᠠᠬᠤ ᠬᠠᠯᠠᠭᠤᠨ ᠬᠥᠷᠥᠰᠥ ᠪᠣᠯᠣᠨ᠎ᠠ᠃ ᠵᠠᠷᠤᠳ ᠬᠤᠰᠢᠭᠤᠨ ᠤ ᠬᠢᠨ ᠠᠵᠤ ᠠᠬᠤᠶᠢᠯᠠᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ᠂ ᠠᠵᠤ ᠠᠬᠤᠶᠢᠯᠠᠯ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠨ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠥᠪᠥᠷ ᠮᠣᠩᠭᠤᠯ ᠤᠨ ᠰᠧᠴᠤᠸᠠᠨ ᠤ ᠬᠤᠳᠠᠯᠳᠤᠭᠠᠴᠢᠳ ᠤᠨ ᠡᠪᠯᠡᠯ ᠤᠨ ᠬᠢᠨ ᠡᠨᠡᠬᠦ ᠲᠣᠬᠢᠶᠠᠯ ᠢ ᠠᠰᠢᠭᠯᠠᠨ᠂ ᠵᠠᠷᠤᠳ ᠢ ᠤᠯᠠᠮ ᠨᠢᠭᠡ ᠠᠯᠬᠤᠮ ᠣᠶᠢᠯᠠᠭᠠᠵᠤ᠂ ᠵᠠᠷᠤᠳ ᠳᠤ ᠪᠡᠯᠡ ᠣᠷᠣᠭᠤᠯᠤᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠳᠤᠮᠳᠠ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠣᠯᠠᠨ ᠲᠦᠮᠡᠨ ᠳᠤ ᠡᠷᠲᠡᠬᠡᠨ ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ ᠭᠡᠪᠡ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠠᠮᠲᠤᠪᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠤᠬᠠᠭᠤᠯᠭ᠎ᠠ ᠶᠢᠨ ᠹᠢᠯᠢᠮ ᠦᠵᠡᠪᠡ︔ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠠᠴᠠ ᠥᠪᠥᠷ ᠮᠣᠩᠭᠤᠯ ᠤᠨ ᠰᠧᠴᠤᠸᠠᠨ ᠤ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯᠲᠠᠨ ᠳᠤ ᠪᠥᠬᠦ ᠬᠤᠰᠢᠭᠤᠨ ᠤ ᠦᠨᠳᠦᠰᠦᠨ ᠪᠠᠶᠢᠳᠠᠯ ᠪᠠ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ︔ ᠠᠵᠤ ᠠᠬᠤᠶᠢᠯᠠᠯᠲᠠᠳ ᠦᠪᠡᠷ ᠦᠪᠡᠷ ᠤᠨ ᠠᠵᠤ ᠠᠬᠤᠶᠢᠯᠠᠯ ᠤᠨ ᠬᠥᠭᠵᠢᠯᠲᠡ᠂ ᠭᠤᠣᠯ ᠡᠵᠡᠩᠨᠡᠯᠲᠡ ᠲᠤᠬᠠᠶᠢᠯᠠᠭᠰᠠᠨ ᠠᠵᠢᠯ ᠵᠢᠴᠢ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠪᠠᠶᠢᠳᠠᠯ ᠢᠶᠠᠨ ᠲᠠᠨᠢᠯᠴᠠᠭᠤᠯᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号