| 7 ᠰᠠᠷ᠎ᠠ ᠶᠢᠨ 8 ᠤ ᠡᠳᠦᠷ᠂ ᠵᠠᠷᠤᠳ ᠬᠤᠰᠢᠭᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ | ᠳᠠᠷᠤᠭ᠎ᠠ᠂ ᠬᠤᠰᠢᠭᠤᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ | ᠳᠡᠳ᠋ ᠶᠡᠷᠦᠩᠬᠡᠢ ᠵᠢᠯᠣᠭᠤᠳᠣᠭᠴᠢ ᠪᠠᠲᠤ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠂ ᠬᠤᠰᠢᠭᠤᠨ ᠤ ᠦᠶᠡᠷ ᠢ | ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠡ ᠶᠢᠨ ᠭᠤᠣᠯ | ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠲᠠᠯᠠᠪᠠᠢ᠂ ᠯᠦᠪᠸᠢ ᠵᠡᠭᠡᠯᠢ ᠭᠤᠳᠤᠮᠵᠢ᠂ ᠭᠠᠳᠠᠰᠤ ᠦᠷ᠎ᠡ ᠶᠢᠨ ᠮᠠᠯ | ᠦᠷᠡᠵᠢᠭᠦᠯᠦᠨ ᠪᠣᠶᠢᠵᠢᠭᠤᠯᠬᠤ ᠲᠥᠪ᠂ ᠡᠯ᠎ᠡ ᠭᠤᠣᠯᠳᠠᠯᠭ᠎ᠠ ᠲᠠᠢ ᠤᠰᠤᠨ ᠴᠥᠭᠦᠷᠥᠮ ᠤᠨ ᠬᠠᠮᠢᠶᠠᠷᠤᠯᠲᠠ ᠶᠢᠨ | ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | ᠪᠠᠲᠤ ᠵᠢᠭᠠᠪᠣᠷᠢᠯᠠᠭᠰᠠᠨ ᠨᠢ᠂ ᠣᠳᠣᠬᠠᠨ ᠳᠤ᠂ ᠪᠦᠬᠦ ᠬᠤᠰᠢᠭᠤ ᠦᠶᠡᠷ ᠤᠨ ᠬᠤᠭᠤᠴᠠᠭᠠᠨ ᠳᠤ ᠣᠷᠣᠵᠤ᠂ | ᠬᠤᠷ᠎ᠠ ᠲᠤᠨᠤᠳᠠᠰᠤ ᠶᠡᠷᠦᠩᠬᠡᠢ ᠳᠡᠭᠡᠨ ᠣᠯᠠᠨ᠂ ᠣᠨᠴᠠᠭᠠᠢ ᠴᠠᠭ ᠠᠭᠤᠷ ᠣᠯᠠᠨᠲᠠ ᠡᠭᠦᠰᠴᠦ᠂ ᠨᠡᠯᠢᠶᠡᠳ ᠬᠦᠨᠳᠦ | ᠦᠶᠡᠷ ᠤᠨ ᠪᠠᠶᠢᠳᠠᠯ ᠡᠭᠦᠰᠬᠦ ᠪᠣᠯᠣᠮᠵᠢ ᠶᠡᠭᠡ᠂ ᠦᠶᠡᠷ ᠢ ᠰᠡᠷᠭᠡᠶᠢᠯᠡᠬᠦ ᠪᠠᠶᠢᠳᠠᠯ ᠡᠩ ᠤᠨ ᠵᠢᠯ ᠤᠨ ᠬᠢ ᠠᠴᠠ | ᠣᠨᠳᠣᠣᠰᠢᠵᠤ᠂ ᠦᠶᠡᠷ ᠢ ᠰᠡᠷᠭᠡᠶᠢᠯᠡᠬᠦ ᠡᠭᠦᠷᠭᠡ ᠡᠩ ᠤᠨ ᠵᠢᠯ ᠤᠨ ᠬᠢ ᠠᠴᠠ ᠬᠦᠨᠳᠦ ᠪᠠᠶᠢᠨ᠎ᠠ᠂ ᠡᠯ᠎ᠡ ᠭᠠᠵᠠᠷ᠂ | ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠠᠵᠢᠯ ᠤᠨ ᠬᠦᠨᠳᠦ ᠬᠡᠴᠡᠭᠦᠦ ᠪᠠᠶᠢᠳᠠᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠭᠦᠨᠵᠡᠭᠡᠢ ᠲᠠᠨᠢᠵᠤ᠂ ᠴᠢᠩᠭ᠎ᠠ ᠰᠡᠷᠭᠡᠶᠢᠯᠡᠵᠦ᠂ ᠪᠦᠬᠦᠨ ᠢ ᠬᠠᠮᠤᠷᠬᠤ ᠶᠢ ᠡᠷᠡᠰ | ᠪᠡᠶᠡᠯᠡᠭᠦᠯᠬᠦ ᠬᠡᠷᠡᠭᠲᠡᠢ᠃ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠳᠣᠲᠠᠭᠳᠠᠯ ᠢᠶᠠᠨ ᠲᠦᠷᠭᠡᠨ ᠨᠥᠬᠦᠪᠦᠷᠢᠯᠡᠵᠦ᠂ | ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠢᠶᠠᠨ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠷᠭᠡᠨ | ᠤᠯᠠᠨ ᠺᠠᠳ᠋ᠷ ᠤᠯᠠᠨ ᠲᠦᠮᠡᠨ ᠤ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠦᠨᠡᠨᠬᠦ | ᠳᠡᠭᠡᠭᠰᠢᠯᠡᠭᠦᠯᠬᠦ ᠬᠡᠷᠡᠭᠲᠡᠢ ᠭᠡᠪᠡ᠃ | | | | ᠪᠠᠲᠤ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ | ᠪᠣᠯᠣᠨ᠎ᠠ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ | ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ | ᠨᠡᠩ ᠪᠣᠳᠠᠲᠠᠢ ᠠᠷᠭ᠎ᠠ ᠬᠡᠮᠵᠢᠶ᠎ᠡ ᠪᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ | ᠠᠳᠬᠤᠬᠤ ᠬᠡᠷᠡᠭᠲᠡᠢ᠃ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ︽ᠠᠷᠪᠠ ᠶᠢ ᠰᠡᠷᠭᠡᠶᠢᠯᠡᠵᠦ ᠶᠢᠰᠦ ᠨᠢ ᠬᠤᠭᠤᠰᠤᠯᠠᠬᠤ ᠠᠴᠠ ᠪᠢᠰᠢ᠂ | ᠰᠡᠷᠭᠡᠶᠢᠯᠡᠨ ᠮᠠᠭᠤᠳᠠᠵᠤ ᠭᠡᠨᠡᠳᠲᠡ ᠶᠢᠨ ᠬᠡᠷᠡᠭ ᠭᠠᠷᠭᠠᠬᠤ ᠦᠭᠡᠢ︾ ᠪᠠᠶᠢᠬᠤ ᠶᠢ ᠪᠠᠲᠣᠯᠠᠬᠤ ᠬᠡᠷᠡᠭᠲᠡᠢ᠃ ᠠᠶᠤᠯ | ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ | ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠲᠣᠪᠤᠶᠢᠯᠭᠠᠨ᠂ ᠤᠬᠠᠭᠤᠯᠭ᠎ᠠ | ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ᠂ ᠡᠳ᠋ ᠪᠣᠳᠠᠰ ᠤᠨ | ᠨᠥᠭᠡᠴᠡᠯᠡᠯᠲᠡ ᠪᠠ ᠠᠶᠤᠯ ᠠᠴᠠ ᠠᠪᠤᠷᠠᠬᠤ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠴᠢᠮ | ᠪᠠᠶᠢᠳᠠᠯ ᠢ ᠠᠷᠭᠠᠴᠠᠭᠠᠬᠤ ᠲᠥᠰᠥᠯ ᠢ ᠦᠷᠭᠦᠯᠵᠢᠯᠡᠨ ᠲᠡᠭᠦᠯᠳᠡᠷᠵᠢᠭᠦᠯᠦᠨ᠂ ᠭᠠᠮᠰᠢᠭ ᠠᠴᠠ ᠠᠪᠤᠷᠠᠬᠤ ᠡᠳ᠋ | ᠪᠣᠳᠠᠰ ᠢ ᠭᠦᠢᠴᠡᠳ ᠪᠡᠯᠡᠳᠬᠡᠵᠦ᠂ ᠠᠶᠤᠯ ᠠᠴᠠ ᠠᠪᠤᠷᠠᠬᠤ ᠡᠩᠨᠡᠭᠡ ᠶᠢ ᠰᠠᠶᠢᠲᠤᠷ ᠵᠣᠬᠢᠶᠠᠨ ᠪᠠᠶᠢᠭᠤᠯᠵᠤ᠂ | ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠳᠠᠶᠢᠴᠢᠯᠠᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠵᠢᠯ ᠳᠤ | ᠡᠮᠬᠢ ᠵᠢᠷᠤᠮ ᠲᠠᠢ ᠪᠠᠷ ᠣᠷᠣᠯᠴᠠᠭᠤᠯᠬᠤ ᠬᠡᠷᠡᠭᠲᠡᠢ᠃ ᠪᠣᠳᠠᠲᠤ ᠳᠠᠶᠢᠨ ᠤ ᠰᠣᠷᠢᠯᠲᠠ ᠶᠢ ᠴᠢᠩᠭᠠᠳᠬᠠᠵᠤ᠂ ᠬᠢᠨᠠᠨ | ᠬᠡᠮᠵᠢᠬᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠭᠠᠮᠰᠢᠭ ᠠᠴᠠ ᠠᠪᠤᠷᠠᠬᠤ | ᠭᠠᠮᠰᠢᠭ ᠢ ᠪᠠᠭᠠᠰᠬᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠬᠦ | ᠪᠠ ᠭᠠᠩ ᠬᠠᠭᠰᠠᠷᠠᠭᠠᠨ ᠲᠠᠢ ᠲᠡᠮᠡᠴᠡᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠠᠷᠠᠳ ᠤᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠠᠮᠤ ᠪᠤᠳᠠᠭᠠᠨ ᠤ ᠲᠣᠭᠲᠠᠭᠤᠨ ᠢᠶᠠᠷ ᠨᠡᠮᠡᠭᠳᠡᠬᠦ ᠶᠢ ᠪᠦᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠪᠡ᠃ | | | | ᠪᠠᠲᠤ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠢᠶᠠᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ | ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠡᠮᠦᠨ᠎ᠡ ᠹᠠᠷᠣᠨᠲ ᠲᠤ ᠪᠡᠶ᠎ᠡ ᠪᠠᠷ ᠢᠶᠠᠨ ᠵᠢᠯᠤᠭᠤᠳᠴᠤ᠂ | ᠦᠨᠳᠦᠰᠦᠨ ᠱᠠᠲᠤᠨ ᠳᠤ ᠭᠦᠨᠵᠡᠭᠡᠶᠢᠷᠡᠨ ᠱᠠᠭᠠᠷᠳᠠᠨ ᠪᠠᠶᠢᠴᠠᠭᠠᠵᠤ ᠵᠢᠭᠠᠨ ᠵᠢᠯᠤᠭᠤᠳᠴᠤ᠂ ᠬᠡᠯᠪᠡᠷᠢ ᠶᠢᠨ ᠦᠵᠡᠯ | ᠂ ᠨᠣᠶᠠᠨᠴᠢ ᠰᠤᠷᠲᠠᠯ ᠢ ᠡᠷᠡᠰ ᠬᠤᠷᠢᠭᠯᠠᠬᠤ ᠬᠡᠷᠡᠭᠲᠡᠢ᠃ ᠬᠤᠰᠢᠭᠤᠨ ᠤ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠡ ᠬᠢᠨ | ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠭᠦᠢᠴᠡᠳᠬᠡᠵᠦ᠂ ᠦᠪᠡᠷ ᠦᠪᠡᠷ ᠤᠨ ᠡᠭᠦᠷᠭᠡᠯᠡᠪᠡᠰᠦ ᠵᠣᠬᠢᠬᠤ | ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ᠂ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠬᠦ ᠶᠢ ᠣᠭᠲᠣ | ᠵᠥᠪᠰᠢᠶᠡᠷᠡᠬᠦ ᠦᠭᠡᠢ᠃ ᠬᠤᠰᠢᠭᠤ᠂ ᠰᠤᠮᠤ ᠪᠠᠯᠭᠠᠰᠤ ᠲᠠᠯᠠᠪᠠᠶ ᠬᠤᠶᠠᠷ ᠱᠠᠲᠤᠨ ᠤ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ ᠬᠢᠨ ᠨᠢᠭᠡᠳᠦᠯᠲᠡᠢ ᠵᠢᠯᠤᠭᠤᠳᠬᠤ ᠪᠠ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠶᠢᠨ ᠬᠤᠯᠪᠤᠭᠠᠯᠠᠨ | ᠬᠥᠳᠡᠯᠦᠯᠴᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠳᠡᠭᠡᠲᠦ ᠳᠣᠤᠷᠠᠲᠤ ᠱᠠᠲᠤ ᠪᠠᠷ ᠢᠶᠠᠨ ᠬᠤᠯᠪᠣᠵᠤ᠂ | ᠥᠨᠳᠥᠷ ᠪᠦᠲᠦᠮᠵᠢᠲᠡᠶ ᠬᠠᠮᠵᠢᠯᠴᠠᠬᠤ ᠦᠶᠡᠷ ᠢ ᠰᠡᠷᠭᠡᠶᠢᠯᠡᠬᠦ ᠵᠢᠯᠤᠭᠤᠳᠬᠤ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ᠂ ᠲᠦᠭᠰᠢᠭᠦᠷᠢᠲᠦ ᠪᠠᠶᠢᠳᠠᠯ᠂ ᠭᠠᠮᠰᠢᠭ ᠤᠨ | ᠪᠠᠶᠢᠳᠠᠯ ᠵᠢᠴᠢ ᠡᠯ᠎ᠡ ᠵᠦᠢᠯ ᠤᠨ ᠲᠣᠬᠢᠷᠠᠭᠤᠯᠤᠯᠲᠠ ᠶᠢᠨ ᠵᠢᠭᠠᠪᠤᠷᠢ ᠶᠢ ᠴᠠᠭ ᠲᠤᠬᠠᠢ ᠳᠤᠨᠢ ᠳᠡᠭᠡᠭᠰᠢ ᠳᠣᠷᠣᠭᠰᠢ | ᠳᠠᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠨ | ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ᠂ | ᠬᠤᠭᠤᠰᠤᠨ ᠪᠠᠶᠢᠷᠢ ᠭᠠᠷᠬᠤ ᠦᠵᠡᠭᠳᠡᠯ ᠭᠠᠷᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ ᠮᠡᠳᠡᠭᠡ ᠵᠠᠩᠭᠢ ᠶᠢ | ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠᠷᠢᠮᠵᠢᠶ᠎ᠠ ᠶᠢ | ᠨᠢᠭᠡᠳᠬᠡᠵᠦ᠂ ᠬᠦᠨᠳᠦ ᠶᠡᠭᠡ ᠲᠦᠭᠰᠢᠭᠦᠷᠢᠲᠦ ᠪᠠᠶᠢᠳᠠᠯ᠂ ᠭᠠᠮᠰᠢᠭ ᠤᠨ ᠪᠠᠶᠢᠳᠠᠯ ᠢ ᠡᠷᠬᠡᠪᠰᠢ ᠲᠡᠷᠡ ᠳᠠᠷᠤᠢ ᠳᠤᠨᠢ | ᠳᠡᠭᠡᠭᠰᠢ ᠮᠡᠳᠡᠭᠦᠯᠵᠦ᠂ ᠡᠯ᠎ᠡ ᠵᠦᠢᠯ ᠤᠨ ᠣᠷᠬᠢᠭᠳᠠᠭᠤᠯᠤᠨ ᠮᠡᠳᠡᠭᠦᠯᠬᠦ᠂ ᠪᠤᠷᠤᠭᠤ ᠮᠡᠳᠡᠭᠦᠯᠬᠦ᠂ ᠤᠳᠠᠭᠠᠰᠢᠷᠠᠭᠤᠯᠤᠨ | ᠮᠡᠳᠡᠭᠦᠯᠬᠦ᠂ ᠦᠯᠦ ᠮᠡᠳᠡᠭᠦᠯᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠦᠳᠲᠡᠷ ᠲᠦᠷᠭᠡᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ | ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠲᠥᠷᠥᠯ ᠤᠨ | ᠦᠶᠡᠷ ᠣᠰᠣᠳᠤᠯ ᠭᠠᠩ ᠭᠠᠮᠰᠢᠭ ᠢ ᠴᠢᠩᠭ᠎ᠠ ᠰᠡᠷᠭᠡᠶᠢᠯᠡᠨ ᠠᠷᠭᠠᠴᠠᠭᠠᠵᠤ᠂ ᠦᠶᠡᠷ ᠢ ᠠᠮᠤᠷ ᠲᠦᠪᠰᠢᠨ ᠢᠶᠠᠷ | ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | | | | ᠬᠤᠷᠠᠯ ᠳᠡᠭᠡᠷ᠎ᠡ᠂ ᠬᠤᠰᠢᠭᠤᠨ ᠤ ᠴᠠᠭ ᠠᠭᠤᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠣᠳᠣᠬᠠᠨ ᠤ ᠴᠠᠭ | ᠠᠭᠤᠷ ᠤᠨ ᠪᠠᠶᠢᠳᠠᠯ ᠳᠤ ᠵᠠᠳᠠᠯᠤᠯᠲᠠ ᠬᠢᠪᠡ᠃ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ᠂ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ | ᠠᠴᠠ ᠣᠳᠣᠬᠠᠨ ᠤ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠠᠵᠢᠯ ᠢ ᠬᠠᠷᠢᠭᠤ ᠮᠡᠳᠡᠭᠦᠯᠦᠭᠰᠡᠨ ᠪᠠ ᠲᠣᠬᠢᠷᠠᠭᠤᠯᠤᠨ | ᠪᠠᠶᠢᠷᠢᠯᠠᠭᠤᠯᠪᠠ᠃ | | | |