7 ᠰᠠᠷ᠎ᠠ ᠶᠢᠨ 12 ᠤᠨ ᠡᠳᠦᠷ᠂ ᠲᠤᠯᠤᠳᠤ ᠰᠤᠮᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠤᠨ ᠬᠤᠷᠠᠯ ᠬᠢᠪᠡ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠴᠠᠭ᠎ᠠ ᠦᠶᠡᠷ ᠢ ᠰᠡᠷᠭᠡᠶᠢᠯᠡᠬᠦ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ | ᠴᠢᠩᠭᠠᠳᠬᠠᠬᠤ ᠬᠡᠷᠡᠭᠲᠡᠢ︔ ᠦᠶᠡᠷ ᠢ ᠰᠡᠷᠭᠡᠶᠢᠯᠡᠬᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠦᠨᠡᠨ ᠬᠦ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠥᠯ ᠢᠶᠠᠨ ᠲᠤᠭᠳᠠᠭᠠᠨ ᠲᠡᠭᠦᠯᠳᠡᠷᠵᠢᠭᠦᠯᠵᠦ᠂ ᠪᠡᠯᠡᠳᠬᠡᠯ ᠲᠥᠰᠥᠯ ᠤᠨ ᠬᠠᠨᠳᠤᠯᠭᠠᠲᠤ | ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠬᠤ ᠬᠡᠷᠡᠭᠲᠡᠢ︔ ᠤᠰᠤ ᠭᠠᠲᠤᠯᠬᠤ ᠵᠠᠮ ᠤᠨ | ᠭᠠᠳᠠᠷᠭᠤ ᠪᠠ ᠡᠯ᠎ᠡ ᠭᠤᠣᠯ ᠤᠨ ᠵᠠᠮ ᠤᠨ ᠳᠣᠣᠷᠠᠳᠤ ᠤᠷᠤᠰᠬᠠᠯ ᠤᠨ ᠭᠠᠵᠠᠷ ᠤᠷᠤᠨ ᠢᠶᠠᠷ ᠲᠣᠭᠤᠷᠢᠨ ᠪᠠᠶᠢᠴᠠᠭᠠᠬᠤ | ᠴᠠᠭᠳᠠᠨ ᠪᠠᠶᠢᠴᠠᠭᠠᠬᠤ ᠪᠠᠨ ᠴᠢᠩᠭᠠᠳᠬᠠᠵᠤ᠂ ᠦᠶᠡᠷ ᠤᠨ ᠬᠤᠭᠤᠴᠠᠭᠠᠨ ᠳᠤ ᠵᠢᠵᠢᠭᠦᠷᠯᠡᠬᠦ᠂ ᠠᠶᠤᠯ | ᠲᠦᠭᠰᠢᠭᠦᠷᠢ ᠶᠢᠨ ᠪᠠᠶᠢᠳᠠᠯ ᠢᠯᠡᠷᠡᠪᠡᠯ ᠲᠦᠷᠭᠡᠨ ᠮᠡᠳᠡᠭᠦᠯᠬᠦ ᠳᠦᠷᠢᠮ ᠢ ᠲᠣᠭᠲᠠᠭᠠᠨ ᠨᠠᠶᠢᠳᠠᠪᠤᠷᠢᠵᠢᠭᠤᠯᠬᠤ ᠬᠡᠷᠡᠭᠲᠡᠢ | ᠭᠡᠪᠡ᠃ | | | | |