7 ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠤᠨ ᠰᠤᠳᠤᠯᠭᠠᠨ ᠤ ᠠᠵᠢᠯ ᠢ ᠲᠦᠯᠬᠢᠨ ᠠᠬᠢᠭᠤᠯᠬᠤ ᠬᠤᠷᠠᠯ ᠵᠠᠷᠤᠳ ᠬᠤᠰᠢᠭᠤᠨ ᠳᠤ ᠬᠤᠷᠠᠯᠳᠤᠪᠠ᠃ | ᠬᠤᠲᠠ ᠶᠢᠨ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠪᠦᠷᠢᠨᠰᠠᠩ᠂ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠬᠠᠷᠢᠭᠤᠴᠠᠵᠤ ᠪᠠᠶᠢᠭ᠎ᠠ ᠬᠠᠮᠢᠶ᠎ᠠ ᠪᠦᠬᠦᠢ | ᠬᠠᠷᠢᠭᠤᠴᠠᠯᠭᠠᠲᠠᠨ᠂ ᠬᠤᠲᠠ ᠶᠢᠨ ᠲᠠᠰ ᠤᠨ 42 ᠰᠤᠳᠤᠯᠭᠠᠨ ᠤ ᠳᠤᠭᠤᠶᠢᠯᠠᠩ ᠤᠨ ᠡᠷᠬᠢᠯᠡᠭᠴᠢ ᠵᠢᠴᠢ ᠪᠥᠬᠦ | ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠬᠤᠷᠠᠯ ᠳᠤ ᠤᠷᠤᠯᠴᠠᠪᠠ᠃ | | | | ᠬᠤᠷᠠᠯ ᠠᠴᠠ᠂ ᠰᠤᠳᠤᠯᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠳᠤᠯᠭᠠᠨ ᠤ ᠠᠵᠢᠯ ᠤᠨ | ᠦᠷ᠎ᠡ ᠪᠦᠲᠦᠭᠡᠯ ᠢ ᠴᠢᠷᠮᠠᠶᠢᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ | ᠳᠤᠮᠳᠠᠬᠢ ᠠᠰᠠᠭᠤᠳᠠᠯ ᠢ ᠰᠢᠢᠳᠪᠦᠷᠢᠯᠡᠵᠦ᠂ ᠪᠠᠭᠰᠢ ᠶᠢᠨ ᠲᠤᠰᠬᠠᠢ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠦ᠂ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠣᠨᠴᠠᠯᠢᠭ ᠪᠦᠷᠢᠯᠳᠤᠬᠦ ᠶᠢ ᠠᠬᠢᠭᠤᠯᠬᠤ ᠬᠡᠷᠡᠭᠲᠡᠢ︔ ᠰᠤᠳᠤᠯᠭᠠᠨ ᠤ | ᠦᠷ᠎ᠡ ᠪᠦᠲᠦᠭᠡᠯ ᠢ ᠪᠠᠬᠢᠵᠢᠭᠦᠯᠦᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠨᠢᠭᠡᠨᠲᠡ ᠰᠤᠳᠤᠯᠭᠠᠨ ᠤ ᠠᠵᠢᠯ | ᠳᠠᠭᠤᠰᠬᠠᠭᠰᠠᠨ ᠦᠷ᠎ᠡ ᠪᠦᠲᠦᠭᠡᠯ ᠢᠶᠠᠨ ᠰᠤᠷᠭᠠᠭᠤᠯᠢ ᠶᠢᠨ ᠳᠣᠲᠣᠷ᠎ᠠ ᠳᠡᠯᠭᠡᠷᠡᠭᠦᠯᠦᠨ ᠨᠠᠶᠢᠳᠠᠪᠤᠷᠢᠵᠢᠭᠤᠯᠬᠤ ᠶᠢᠨ | ᠬᠠᠮᠲᠤ ᠰᠢᠶᠠᠨ ᠤ ᠬᠡᠪᠴᠢᠶᠡᠨ ᠳᠤ ᠳᠡᠯᠭᠡᠷᠡᠭᠦᠯᠦᠨ ᠬᠡᠷᠡᠭᠯᠡᠵᠦ᠂ ᠲᠣᠭᠤᠷᠢᠨ ᠦᠵᠡᠵᠦ ᠰᠤᠳᠤᠯᠤᠨ ᠶᠠᠷᠢᠯᠴᠠᠬᠤ | ᠠᠵᠢᠯᠯᠠᠭ᠎ᠠ ᠶᠢ ᠢᠯᠡᠭᠦᠬᠡᠨ ᠵᠣᠬᠢᠶᠠᠨ ᠪᠠᠶᠢᠭᠤᠯᠵᠤ᠂ ᠤᠯᠠᠨ ᠤ ᠰᠠᠨᠠᠯ ᠢ ᠠᠪᠴᠤ ᠤᠯᠠᠨ ᠤ ᠤᠬᠠᠭᠠᠨ ᠢ | ᠲᠥᠪᠯᠡᠷᠡᠭᠦᠯᠦᠨ᠂ ᠬᠠᠷᠢᠯᠴᠠᠨ ᠵᠥᠪᠳᠡᠯᠴᠡᠵᠦ᠂ ᠦᠷ᠎ᠡ ᠪᠦᠲᠦᠭᠡᠯ ᠢᠶᠠᠨ ᠲᠡᠭᠦᠯᠳᠡᠷᠵᠢᠭᠦᠯᠬᠦ ᠬᠡᠷᠡᠭᠲᠡᠢ︔ | ᠰᠤᠳᠤᠯᠭᠠᠨ ᠤ ᠠᠵᠢᠯ ᠢᠶᠠᠷ ᠭᠠᠷᠳᠠᠴᠠ ᠪᠣᠯᠭᠠᠵᠤ᠂ ᠯᠠᠪᠳᠠᠭᠤᠨ ᠪᠠᠲᠤᠲᠠᠢ ᠰᠤᠳᠤᠯᠬᠤ᠂ ᠰᠡᠳᠬᠢᠯ ᠲᠠᠯᠪᠢᠨ | ᠪᠣᠳᠠᠲᠠᠢ ᠶᠢ ᠡᠷᠬᠢᠮᠯᠡᠬᠦ ᠰᠤᠷᠤᠯᠴᠠᠬᠤ ᠰᠤᠷᠲᠠᠯ᠂ ᠵᠢᠭᠠᠨ ᠰᠤᠷᠭᠠᠬᠤ ᠰᠤᠷᠲᠠᠯ ᠢ ᠶᠡᠬᠡᠪᠡᠷ ᠪᠠᠳᠠᠷᠠᠭᠤᠯᠵᠤ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠪᠣᠯᠣᠨ ᠪᠤᠰᠤᠳ ᠡᠯ᠎ᠡ ᠬᠢᠴᠢᠶᠡᠯ ᠲᠦᠷᠤᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ | ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠭᠤᠯᠢ ᠡᠷᠬᠢᠯᠡᠬᠦ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠳᠡᠭᠡᠷ᠎ᠡ᠂ ᠰᠤᠳᠤᠯᠭᠠᠨ ᠤ ᠳᠤᠭᠤᠶᠢᠯᠠᠩ ᠳᠤ ᠰᠤᠳᠤᠯᠭ᠎ᠠ ᠳᠠᠭᠤᠰᠬᠠᠭᠰᠠᠨ ᠦᠨᠡᠮᠯᠡᠯ ᠣᠯᠭᠤᠪᠠ︔ | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠯᠦᠪᠸᠢ ᠭᠤᠷᠪᠠᠳᠤᠭᠠᠷ ᠪᠠᠭ᠎ᠠ ᠰᠤᠷᠭᠠᠭᠤᠯᠢ ᠶᠢᠨ | ᠨᠡᠭᠡᠭᠡᠯᠲᠡᠲᠤ ᠬᠢᠴᠢᠶᠡᠯ ᠤᠨ ᠲᠠᠩᠬᠢᠮ ᠢ ᠠᠬᠤᠢ ᠭᠠᠵᠠᠷ ᠲᠤᠨᠢ ᠲᠣᠭᠤᠷᠢᠨ ᠦᠵᠡᠭᠰᠡᠨ ᠪᠥᠭᠡᠳ ᠲᠤᠰ | ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠢ ᠲᠣᠭᠤᠷᠢᠨ ᠦᠵᠡᠪᠡ᠃ |