ᠵᠠᠷᠣᠳ ᠬᠤᠰᠢᠭᠤ 2022 ᠣᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/7/14
        ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠶᠠᠰᠤ ᠴᠢᠨᠠᠷ ᠢᠶᠠᠷ ᠤᠯᠤᠰ ᠢᠶᠠᠨ ᠬᠦᠴᠦᠷᠬᠡᠭᠵᠢᠭᠦᠯᠬᠦ︾ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠭᠤᠣᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 7 ᠰᠠᠷ᠎ᠠ ᠶᠢᠨ 12 ᠤ ᠡᠳᠦᠷ᠂ ᠵᠠᠷᠣᠳ ᠬᠤᠰᠢᠭᠤ 2022 ᠣᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠵᠢᠴᠢ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
0770775f8be703f45ee9fbc219a939a.jpg
    ᠳ᠋ᠢᠩ ᡁᠢ ᠭᠠᠩ ᠴᠢᠬᠤᠯᠠᠴᠢᠯᠠᠭᠰᠠᠨ ᠨᠢ᠂ ᠡᠯ᠎ᠡ ᠪᠦᠷᠢᠯᠳᠦᠭᠦᠨ ᠨᠢᠭᠡᠴᠡ ᠶᠢᠨ ᠬᠢᠨ ᠲᠣᠭᠲᠠᠴᠠ ᠶᠢᠨ ᠪᠠᠶᠢᠭᠤᠯᠤᠯᠲᠠ ᠪᠠᠨ ᠰᠠᠶᠢᠲᠤᠷ ᠠᠳᠬᠤᠵᠤ᠂ ᠦᠵᠦᠭᠦᠷ ᠲᠥᠰᠦᠪ ᠲᠥᠯᠥᠪᠯᠡᠭᠡ ᠶᠢ ᠲᠡᠭᠦᠯᠳᠡᠷᠵᠢᠭᠦᠯᠵᠦ᠂ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ ᠠᠵᠤ ᠠᠬᠤᠶᠢᠯᠠᠯ ᠭᠤᠣᠯᠯᠠᠨ ᠬᠠᠷᠢᠭᠤᠴᠠᠬᠤ᠂ ᠠᠵᠢᠯ ᠲᠦᠷᠦᠯ ᠤᠨ ᠬᠢᠨ ᠥᠪᠡᠷ ᠢ ᠪᠠᠨ ᠱᠠᠭᠠᠷᠳᠠᠬᠤ᠂ ᠨᠡᠶᠢᠭᠡᠮ ᠠᠴᠠ ᠬᠢᠨᠠᠯᠲᠠ ᠲᠠᠯᠪᠢᠬᠤ︾ ᠶᠠᠰᠤ ᠴᠢᠨᠠᠷ ᠢ ᠬᠠᠮᠲᠤᠪᠠᠷ ᠵᠠᠰᠠᠬᠤ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠶᠠᠰᠤ ᠴᠢᠨᠠᠷ ᠤᠨ ᠲᠠᠯ᠎ᠠ ᠪᠠᠷ ᠲᠡᠷᠢᠭᠦᠨ ᠤ ᠨᠡᠶᠢᠲᠡᠯᠢᠭ ᠲᠤᠷᠰᠢᠯᠭ᠎ᠠ ᠶᠢ ᠶᠡᠬᠡᠪᠡᠷ ᠤᠬᠠᠭᠤᠯᠤᠨ ᠳᠡᠯᠭᠡᠷᠡᠭᠦᠯᠵᠦ᠂ ᠪᠦᠬᠦ ᠨᠡᠶᠢᠭᠡᠮ ᠢ ᠬᠥᠲᠥᠯᠥᠨ ᠳᠠᠭᠠᠭᠤᠯᠵᠤ᠂ ︽ᠬᠥᠮᠥᠨ ᠪᠦᠬᠦᠨ ᠶᠠᠰᠤ ᠴᠢᠨᠠᠷ ᠢ ᠴᠢᠬᠤᠯᠠᠴᠢᠯᠠᠬᠤ᠂ ᠬᠥᠮᠥᠨ ᠪᠦᠬᠦᠨ ᠶᠠᠰᠤ ᠴᠢᠨᠠᠷ ᠢ ᠡᠭᠦᠳᠬᠦ᠂ ᠬᠥᠮᠥᠨ ᠪᠦᠬᠦᠨ ᠶᠠᠰᠤ ᠴᠢᠨᠠᠷ ᠢ ᠡᠳ᠋ᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ︔ ᠶᠠᠰᠤ ᠴᠢᠨᠠᠷ ᠤᠨ ᠳᠡᠭᠡᠭᠰᠢᠯᠡᠯᠲᠡ ᠶᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠤ ᠠᠬᠤᠶᠢᠯᠠᠯ ᠤᠨ ᠪᠥᠬᠦ ᠲᠠᠯ᠎ᠠ ᠪᠠᠷ ᠶᠠᠰᠤ ᠴᠢᠨᠠᠷ ᠤᠨ ᠬᠠᠮᠢᠶᠠᠷᠤᠯᠲᠠ ᠪᠠᠨ ᠴᠢᠩᠭᠠᠳᠬᠠᠬᠤ ᠶᠢ ᠠᠬᠢᠭᠤᠯᠤᠨ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠦᠨ ᠬᠡᠷᠡᠭᠯᠡᠵᠦ᠂ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠭᠤᠣᠯᠯᠠᠬᠤ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠶᠢ ᠠᠬᠢᠭᠤᠯᠤᠨ ᠂ ᠣᠷᠣᠨ ᠪᠦᠰᠡ ᠠᠯᠤᠰᠯᠠᠭᠰᠠᠨ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠭ᠎ᠠ ᠶᠢ ᠠᠬᠢᠭᠤᠯᠵᠤ᠂ ︽ᠬᠠᠮᠤᠭ ᠤᠨ ᠴᠢᠩᠭ᠎ᠠ ᠨᠢᠮᠪᠠᠢ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠶᠢ ᠦᠨᠡᠨᠬᠦ ᠪᠣᠳᠠᠲᠠᠢ ᠨᠠᠶᠢᠲᠠᠪᠣᠷᠢᠵᠢᠭᠤᠯᠬᠤ  ᠬᠡᠷᠡᠭᠲᠡᠢ᠃ ᠶᠠᠰᠤ ᠴᠢᠨᠠᠷ ᠤᠨ ᠰᠠᠭᠤᠷᠢ  ᠶᠢ ᠴᠢᠩᠭᠠᠳᠬᠠᠵᠤ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠵᠦ᠂ ᠪᠠᠷᠢᠮᠵᠢᠶ᠎ᠠ ᠶᠢᠨ ᠬᠥᠲᠥᠯᠥᠨ ᠳᠠᠭᠠᠭᠤᠯᠬᠤ ᠦᠢᠯᠡᠳᠦᠯ᠂ ᠬᠡᠮᠵᠢᠯᠲᠡ ᠶᠢᠨ ᠪᠠᠲᠤᠯᠠᠭ᠎ᠠ ᠶᠢᠨ ᠦᠢᠯᠡᠳᠦᠯ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠶᠢᠨ ᠲᠤᠯᠭᠠᠭᠤᠷᠢᠯᠠᠬᠤ ᠦᠢᠯᠡᠳᠦᠯ᠂ ᠭᠡᠷᠡᠴᠢᠯᠡᠵᠦ ᠵᠥᠪᠰᠢᠶᠡᠷᠡᠬᠦ ᠶᠢᠨ ᠵᠢᠷᠤᠮᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠲᠠᠰᠤᠷᠠᠯᠲᠠ ᠦᠭᠡᠢ ᠴᠢᠩᠭᠠᠷᠠᠭᠤᠯᠵᠤ᠂ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠬᠠᠮᠵᠢᠯᠴᠠᠨ ᠦᠢᠯᠡᠴᠢᠯᠡᠬᠦ ᠶᠢ ᠴᠢᠩᠭᠠᠳᠬᠠᠨ᠂ ᠪᠣᠬᠢᠷᠳᠤᠯ ᠦᠭᠡᠢ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠠᠵᠢᠯᠯᠠᠭ᠎ᠠ ᠶᠢ ᠬᠠᠮᠵᠢᠯᠴᠠᠨ ᠰᠠᠶᠢᠲᠤᠷ ᠦᠷᠨᠢᠭᠦᠯᠬᠦ ᠬᠡᠷᠡᠭᠲᠡᠢ ᠭᠡᠪᠡ᠃ 
22f5f1222974f9013262f04e19a315b.jpg   
    ᠬᠤᠷᠠᠯ ᠠᠴᠠ ︽2021 ᠣᠨ ᠤ ᠲᠦᠩᠯᠢᠶᠣᠣ ᠬᠤᠲᠠ ᠶᠢᠨ ᠬᠤᠰᠢᠭᠤ ᠰᠢᠶᠠᠨ ᠤ ᠵᠠᠰᠠᠭ ᠤᠨ ᠣᠷᠳᠣᠨ ᠤ ᠶᠠᠰᠤ ᠴᠢᠨᠠᠷ ᠤᠨ ᠠᠵᠢᠯ ᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ︾ ᠢ ᠵᠠᠷᠯᠠᠨ ᠮᠡᠳᠡᠭᠳᠡᠵᠦ᠂ 2022 ᠣᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ 
f4c032953c99008929a72ebc8d56be4.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号