| 7 ᠰᠠᠷ᠎ᠠ ᠶᠢᠨ 13 ᠤ ᠡᠳᠦᠷ᠂ ᠵᠠᠷᠤᠳ ᠬᠤᠰᠢᠭᠤ ᠪᠣᠯᠣᠨ ᠱᠠᠩ ᠲᠦᠩ ︵ᠴᠢᠩᠳᠣᠣ︶ ᠣᠯᠠᠨ ᠤᠯᠤᠰ ᠤᠨ | ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠢᠨ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠪᠠᠷ | ᠢᠶᠠᠨ ᠠᠯᠠᠰᠢᠨ ᠦᠬᠡᠷ ᠲᠡᠵᠢᠭᠡᠬᠦ᠂ ᠠᠮᠤ ᠪᠤᠳᠠᠭ᠎ᠠ ᠳᠠᠷᠢᠬᠤ ᠵᠡᠷᠭᠡ ᠲᠠᠯ᠎ᠠ ᠪᠠᠷ ᠭᠦᠨᠵᠡᠭᠡᠢ ᠰᠠᠨᠠᠯ ᠢᠶᠠᠨ ᠰᠣᠯᠢᠯᠴᠠᠵᠤ᠂ | ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ | ᠡᠷᠬᠢᠯᠡᠭᠴᠢ ᠼᠦᠢ ᠯᠧᠢ ᠯᠧᠢ᠂ ᠱᠠᠩ ᠲᠦᠩ ︵ᠴᠢᠩᠳᠣᠣ︶ ᠣᠯᠠᠨ ᠤᠯᠤᠰ ᠤᠨ ᠪᠡᠯᠡ ᠣᠷᠣᠭᠤᠯᠤᠯᠲᠠ ᠶᠢᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠱᠣᠸ ᠮᠢᠩ ᠵᠢᠶᠦ᠋ᠨ᠂ ᠴᠢᠩᠳᠣᠣ ᠶᠢᠨ ᠠᠭᠠᠷ ᠤᠨ | ᠭᠠᠷᠠᠮ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ | ᠶᠡᠷᠦᠩᠬᠡᠢ ᠳᠠᠭᠠᠭᠠᠮᠠᠯ ᠯᠢᠦ ᠶᠦᠩ ᠪᠢᠩ᠂ ᠰᠢᠶᠠᠩᠭᠠᠩ ᠤᠨ ᠳ᠋ᠦᠩ ᠬᠠᠢ ᠪᠦᠯᠦᠭᠯᠡᠯ ᠤᠨ ᠬᠠᠷᠢᠭᠤᠴᠠᠯᠭᠠᠲᠠᠨ ᠱᠢ | ᠵᠢᠶᠠᠨ ᠬᠥᠩ ᠬᠤᠷᠠᠯ ᠳᠤ ᠣᠷᠣᠯᠴᠠᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | ᠬᠤᠷᠠᠯ ᠳᠡᠭᠡᠷ᠎ᠡ᠂ ᠱᠣᠸ ᠶᠠᠨ ᠵᠢᠶᠦ᠋ᠨ ᠭᠠᠵᠠᠷ ᠵᠦᠢ ᠶᠢᠨ ᠪᠠᠶᠢᠷᠢᠯᠠᠯ᠂ ᠮᠠᠯ ᠠᠵᠤ ᠠᠬᠤᠢ ᠶᠢᠨ ᠬᠥᠭᠵᠢᠯᠲᠡ᠂ | ᠰᠣᠶᠣᠯ ᠵᠢᠭᠤᠯᠴᠢᠯᠠᠯ ᠤᠨ ᠡᠬᠢ ᠪᠠᠶᠠᠯᠢᠭ᠂ ᠨᠡᠭᠦᠷᠡᠰᠦ ᠴᠠᠬᠢᠯᠭᠠᠨ ᠬᠥᠩᠭᠡᠨ ᠴᠠᠭᠠᠨ ᠤ ᠠᠵᠤ ᠦᠢᠯᠡᠰ ᠤᠨ | ᠬᠥᠭᠵᠢᠯᠲᠡ ᠵᠡᠷᠭᠡ ᠲᠠᠯ᠎ᠠ ᠪᠠᠷ ᠪᠥᠬᠦ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ | ᠬᠥᠭᠵᠢᠯᠲᠡ ᠶᠢᠨ ᠰᠡᠳᠬᠢᠮᠵᠢ ᠪᠠᠨ ᠨᠠᠷᠢᠨ ᠲᠠᠨᠢᠯᠴᠠᠭᠤᠯᠪᠠ᠃ ᠲᠡᠷᠡ ᠵᠢᠭᠠᠪᠣᠷᠢᠯᠠᠭᠰᠠᠨ ᠨᠢ᠂ ᠵᠠᠷᠤᠳ | ᠬᠤᠰᠢᠭᠤᠨ ᠤ ᠭᠠᠵᠠᠷ ᠰᠢᠷᠣᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠮᠠᠯ ᠠᠵᠤ ᠠᠬᠤᠢ᠂ ᠣᠨᠴᠠᠯᠢᠭᠲᠤ | ᠲᠡᠵᠢᠭᠡᠪᠦᠷᠢ ᠶᠢᠨ ᠦᠢᠯᠡᠰ ᠢ ᠬᠥᠭᠵᠢᠭᠦᠯᠬᠦ ᠵᠡᠷᠭᠡ ᠲᠠᠯ᠎ᠠ ᠪᠠᠷ ᠣᠯᠠᠨ ᠠᠴᠠ ᠳᠠᠪᠠᠭᠤ ᠨᠦᠬᠦᠴᠡᠯ ᠲᠠᠢ ᠶᠤᠮ᠃ | ᠬᠤᠶᠠᠷ ᠲᠠᠯ᠎ᠠ ᠪᠠᠷ ᠢᠶᠠᠨ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠦᠬᠡᠷ ᠤᠨ ᠠᠵᠤ ᠦᠢᠯᠡᠰ ᠤᠨ | ᠲᠡᠵᠢᠭᠡᠪᠦᠷᠢ ᠵᠢᠴᠢ ᠪᠦᠲᠦᠭᠡᠭᠳᠡᠬᠦᠨ ᠢ ᠡᠳ᠋ᠰᠢᠭᠦᠯᠬᠦ᠂ ᠰᠣᠶᠣᠯ ᠵᠢᠭᠤᠯᠴᠢᠯᠠᠯ ᠵᠡᠷᠭᠡ ᠬᠦᠷᠢᠶ᠎ᠡ ᠴᠠᠷ᠎ᠠ ᠳᠤ ᠭᠦᠨᠵᠡᠭᠡᠢ | ᠬᠠᠮᠲᠤᠷᠠᠯᠴᠠᠭ᠎ᠠ ᠥᠷᠨᠢᠭᠦᠯᠵᠦ᠂ ᠬᠠᠮᠲᠤᠷᠠᠯᠴᠠᠭᠠᠨ ᠤ ᠬᠦᠷᠢᠶ᠎ᠡ ᠴᠠᠷ᠎ᠠ ᠪᠠᠨ ᠣᠯᠠᠮ ᠨᠢᠭᠡ ᠠᠯᠬᠤᠮ ᠥᠷᠭᠡᠳᠬᠡᠵᠦ᠂ | ᠬᠠᠮᠲᠤᠷᠠᠯᠴᠠᠭᠠᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠪᠦᠳᠦᠭᠦᠪᠴᠢ ᠵᠥᠪᠯᠡᠯᠴᠡᠭᠡᠷ ᠢ ᠲᠦᠷᠭᠡᠬᠡᠨ | ᠲᠣᠭᠲᠠᠭᠠᠵᠤ᠂ ᠡᠷᠲᠡᠬᠡᠨ ᠭᠡᠷ᠎ᠡ ᠲᠣᠭᠲᠠᠬᠤ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠵᠠᠷᠤᠳ ᠬᠤᠰᠢᠭᠤᠨ ᠤ ᠡᠯ᠎ᠡ | ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠪᠦᠬᠦ | ᠬᠦᠴᠦᠨ ᠢᠶᠠᠷ ᠢᠶᠠᠨ ᠳᠡᠮᠵᠢᠵᠦ᠂ ᠲᠦᠷᠦᠯ ᠵᠦᠢᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠲᠦᠷᠦᠯ | ᠵᠦᠢᠯ ᠢ ᠡᠷᠲᠡ ᠨᠠᠶᠢᠳᠠᠪᠤᠷᠢᠵᠢᠭᠤᠯᠵᠤ ᠡᠷᠲᠡ ᠪᠣᠲᠠᠲᠠᠶᠢᠵᠢᠭᠤᠯᠬᠤ ᠶᠢ ᠠᠬᠢᠭᠤᠯᠵᠤ᠂ ᠨᠡᠶᠢᠭᠡᠮ ᠤᠨ ᠦᠷ᠎ᠡ ᠠᠰᠢᠭ | ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠴᠢᠷᠮᠠᠶᠢᠨ ᠪᠡᠶᠡᠯᠡᠭᠦᠯᠦᠨ᠎ᠡ ᠭᠡᠪᠡ᠃ | | | | | | ᠱᠤᠤ ᠮᠢᠩ ᠵᠢᠶᠦ᠋ᠨ ᠢᠯᠡᠷᠬᠡᠶᠢᠯᠡᠭᠰᠡᠨ ᠨᠢ᠂ ᠲᠤᠰ ᠤᠳᠠᠭ᠎ᠠ ᠶᠢᠨ ᠶᠠᠷᠢᠯᠴᠠᠬᠤ ᠰᠣᠯᠢᠯᠴᠠᠭ᠎ᠠ ᠪᠠᠷ ᠠᠵᠠ | ᠲᠣᠬᠢᠶᠠᠯ ᠪᠣᠯᠭᠠᠵᠤ᠂ ᠵᠠᠷᠤᠳ ᠬᠤᠰᠢᠭᠤ ᠵᠢᠴᠢ ᠬᠤᠰᠢᠭᠤᠨ ᠤ ᠠᠵᠤ ᠠᠬᠤᠶᠢᠯᠠᠯ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠡ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠣᠯᠠᠮ ᠨᠢᠭᠡ ᠠᠯᠬᠤᠮ ᠴᠢᠩᠭᠠᠳᠬᠠᠵᠤ᠂ | ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠵᠦ᠂ ᠡᠷᠲᠡᠬᠡᠨ ᠬᠠᠮᠲᠤᠷᠠᠯᠴᠠᠭ᠎ᠠ ᠬᠢᠬᠦ ᠪᠠᠷ ᠴᠢᠷᠮᠠᠶᠢᠵᠤ᠂ ᠬᠠᠮᠲᠤᠪᠠᠷ | ᠠᠰᠢᠭ ᠬᠦᠷᠲᠡᠭᠰᠡᠨ ᠬᠥᠭᠵᠢᠯᠲᠡ ᠶᠢ ᠪᠡᠶᠡᠯᠡᠭᠦᠯᠦᠶ᠎ᠡ ᠭᠡᠪᠡ᠃ | | | |