ᠵᠠᠷᠤᠳ ᠬᠤᠰᠢᠭᠤ ᠪᠣᠯᠣᠨ ᠵᠦᠩ ᠽᠢ ᠬᠤᠲᠠᠴᠢᠯᠠᠯᠲᠠ ᠶᠢᠨ ᠬᠥᠭᠵᠢᠯᠲᠡ ᠶᠢᠨ ᠲᠥᠪ ᠤᠨ ᠬᠢᠨ  ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/7/14
      7 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠵᠠᠷᠤᠳ ᠬᠤᠰᠢᠭᠤ ᠪᠣᠯᠣᠨ ᠵᠦᠩ ᠽᠢ ᠬᠤᠲᠠᠴᠢᠯᠠᠯᠲᠠ ᠶᠢᠨ ᠬᠥᠭᠵᠢᠯᠲᠡ ᠶᠢᠨ ᠲᠥᠪ ᠤᠨ ᠬᠢᠨ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠶᠢᠨ ᠬᠢᠨ ᠪᠥᠬᠦ ᠬᠤᠰᠢᠭᠤᠨ ᠤ ᠠᠵᠤ ᠦᠢᠯᠡᠳᠪᠦᠷᠢ᠂ ᠲᠠᠷᠢᠶᠠᠯᠠᠩ᠂ ᠵᠢᠭᠤᠯᠴᠢᠯᠠᠯ ᠰᠣᠶᠣᠯ ᠵᠡᠷᠭᠡ ᠭᠤᠷᠪᠠᠨ ᠲᠣᠮᠣ ᠠᠵᠢᠯ ᠤᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ᠂ ᠪᠡᠯᠡ ᠮᠥᠩᠭᠦ ᠲᠥᠷᠥᠯ ᠵᠦᠢᠯ ᠢ ᠬᠥᠮᠥᠷᠭᠡ ᠳᠤ ᠣᠷᠣᠭᠤᠯᠵᠤ᠂ ᠨᠡᠪᠲᠡᠷᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ ᠪᠣᠯᠣᠨ ᠵᠦᠩ ᠽᠢ ᠬᠤᠲᠠᠴᠢᠯᠠᠯᠲᠠ ᠶᠢᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠲᠠᠩ ᠬᠤᠩ ᠵᠢᠶᠠᠨ᠂ ᠳᠡᠭᠡᠳᠦ ᠲᠠᠰ ᠤᠨ ᠲᠥᠷᠥᠯ ᠵᠦᠢᠯ ᠤᠨ ᠳᠠᠭᠠᠭᠠᠮᠠᠯ ᠵᠥᠩ ᠵᠢᠶᠠ ᠲᠢᠶᠠᠨ᠂ ᠪᠡᠭᠡᠵᠢᠩ ᠤᠨ ᠰᠢᠩ ᠺᠦᠩ ᡁᠢ ᠢ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠢᠦᠢ ᠯᠢ ᠬᠤᠩ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃ 
2ffd9237354cda2fd9b2cc40eb22247.jpg   
     ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠵᠦᠩ ᠽᠢ ᠬᠤᠲᠠᠴᠢᠯᠠᠯᠲᠠ ᠶᠢᠨ ᠬᠥᠭᠵᠢᠯᠲᠡ ᠶᠢᠨ ᠲᠥᠪ ᠤᠨ ᠤᠬᠠᠭᠤᠯᠭ᠎ᠠ ᠶᠢᠨ ᠹᠢᠯᠢᠮ ᠢ ᠬᠠᠮᠲᠤᠪᠠᠷ ᠦᠵᠡᠭᠰᠡᠨ ᠪᠥᠭᠡᠳ ᠵᠦᠩ ᠽᠢ ᠬᠤᠲᠠᠴᠢᠯᠠᠯᠲᠠ ᠶᠢᠨ ᠬᠥᠭᠵᠢᠯᠲᠡ ᠶᠢᠨ ᠲᠥᠪ ᠤᠨ ᠲᠥᠷᠥᠯ ᠵᠦᠢᠯ᠂ ᠲᠤᠬᠠᠶᠢᠯᠠᠭᠰᠠᠨ ᠠᠵᠢᠯ ᠵᠡᠷᠭᠡ ᠦᠨᠳᠦᠰᠦᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠤᠨᠣᠰᠪᠠ᠃ 
03a3b6e6e48907782b4b3780e5a4c44.jpg   
     ᠰᠠᠭᠤᠳᠠᠯ ᠤᠨ ᠬᠤᠷᠠᠯ ᠳᠡᠭᠡᠷ᠎ᠡ᠂ ᠱᠤᠤ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠢ ᠲᠥᠯᠥᠭᠡᠯᠡᠨ ᠵᠦᠩ ᠽᠢ ᠬᠤᠲᠠᠴᠢᠯᠠᠯᠲᠠ ᠶᠢᠨ ᠬᠥᠭᠵᠢᠯᠲᠡ ᠶᠢᠨ ᠲᠥᠪ ᠤᠨ ᠬᠢᠨ ᠵᠠᠷᠤᠳ ᠬᠤᠰᠢᠭᠤᠨ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠵᠠᠷᠤᠳ ᠬᠤᠰᠢᠭᠤ ᠥᠨᠢ ᠤᠳᠠᠭᠠᠨ ᠲᠡᠦᠬᠡ ᠲᠠᠢ᠂ ᠡᠯᠪᠡᠭ ᠪᠠᠶᠠᠯᠢᠭ ᠰᠣᠶᠣᠯ ᠤᠨ ᠣᠨᠲᠣᠷᠣᠯ ᠲᠠᠢ᠂ ᠠᠮᠢ ᠠᠬᠤᠢ ᠶᠢᠨ ᠣᠷᠴᠢᠨ ᠲᠣᠭᠤᠷᠢᠨ ᠭᠤᠶᠢᠳᠠ ᠰᠠᠶᠢᠬᠠᠨ ᠪᠥᠭᠡᠳ ᠡᠬᠢ ᠪᠠᠶᠠᠯᠢᠭ ᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠬᠥᠭᠵᠢᠯᠲᠡ ᠶᠢᠨ ᠣᠷᠣᠨ ᠵᠠᠢ ᠶᠡᠭᠡ᠂ ᠨᠥᠭᠡᠴᠡ ᠬᠦᠴᠦᠨ ᠲᠡᠭᠦᠯᠳᠡᠷ ᠪᠠᠶᠢᠳᠠᠭ᠃ ᠵᠦᠩ ᠽᠢ ᠺᠣᠮᠫᠠᠨᠢ ᠶᠢᠨ ᠬᠢᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠤᠳᠤᠯᠭᠠᠨ᠂ ᠲᠦᠷᠦᠯ ᠵᠦᠢᠯ ᠤᠨ ᠲᠥᠰᠥᠪᠯᠡᠯᠲᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠵᠠᠷᠤᠳ ᠬᠤᠰᠢᠭᠤᠨ ᠳᠤ ᠨᠡᠩ ᠤᠯᠠᠨ ᠬᠠᠯᠠᠮᠵᠢᠯᠠᠯ ᠳᠡᠮᠵᠢᠯᠭᠡ ᠦᠵᠡᠭᠦᠯᠵᠦ᠂ ᠪᠦᠬᠦ ᠲᠠᠯ᠎ᠠ ᠶᠢᠨ᠂ ᠤᠯᠠᠨ ᠬᠦᠷᠢᠶ᠎ᠡ ᠴᠠᠷ᠎ᠠ ᠶᠢᠨ ᠥᠷᠭᠡᠨ ᠳᠡᠯᠭᠡᠷ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠬᠤᠰᠢᠭᠤᠨ ᠤ ᠠᠵᠤ ᠦᠢᠯᠡᠰ ᠤᠨ ᠪᠠᠶᠢᠷᠢᠰᠢᠭᠤᠯᠤᠯᠲᠠ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠢ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠷ ᠬᠤᠯᠪᠣᠨ ᠣᠳᠣᠬᠢᠴᠢᠯᠠᠭᠰᠠᠨ ᠵᠠᠷᠤᠳ ᠢ ᠪᠦᠲᠦᠭᠡᠨ  ᠪᠠᠶᠢᠭᠤᠯᠬᠤ ᠶᠢ ᠬᠦᠰᠡᠵᠦ ᠪᠠᠶᠢᠨ᠎ᠠ ᠭᠡᠪᠡ᠃ 
be25d9c6201b7ff7760a351f0584cf0.jpg   
    ᠲᠠᠩ ᠬᠤᠩ ᠵᠢᠶᠠᠨ ᠢᠯᠡᠷᠬᠡᠶᠢᠯᠡᠬᠦ ᠳᠡᠭᠡᠨ᠂ ᠵᠠᠷᠤᠳ ᠬᠤᠰᠢᠭᠤᠨ ᠤ ᠡᠬᠢ ᠪᠠᠶᠠᠯᠢᠭ ᠡᠯᠪᠡᠭ ᠳᠡᠯᠪᠡᠭ᠂ ᠨᠡᠭᠡᠭᠡᠨ ᠬᠥᠭᠵᠢᠭᠦᠯᠬᠦ ᠳᠠᠯᠳᠠ ᠬᠦᠴᠦᠨ ᠯᠤᠲᠤ ᠶᠡᠭᠡ ᠪᠠᠶᠢᠳᠠᠭ᠂ ᠵᠦᠩ ᠽᠢ  ᠬᠤᠲᠠᠴᠢᠯᠠᠯᠲᠠ ᠶᠢᠨ ᠬᠥᠭᠵᠢᠯᠲᠡ ᠶᠢᠨ ᠲᠥᠪ  ᠬᠢᠨ ᠵᠠᠷᠤᠳ ᠬᠤᠰᠢᠭᠤᠨ ᠤ ᠠᠵᠤ ᠦᠢᠯᠡᠳᠪᠦᠷᠢ᠂ ᠲᠠᠷᠢᠶᠠᠯᠠᠩ᠂ ᠵᠢᠭᠤᠯᠴᠢᠯᠠᠯ ᠰᠣᠶᠣᠯ ᠵᠡᠷᠭᠡ ᠡᠬᠢ ᠪᠠᠶᠠᠯᠢᠭ ᠢ ᠭᠦᠢᠴᠡᠳ ᠠᠭᠤᠳᠠᠯᠤᠨ ᠠᠰᠢᠭᠯᠠᠵᠤ᠂ ᠵᠠᠷᠤᠳ ᠬᠤᠰᠢᠭᠤ ᠶᠢ ᠪᠥᠬᠦ ᠬᠦᠴᠦᠨ ᠢᠶᠠᠷ ᠢᠶᠠᠨ ᠬᠠᠪᠰᠤᠷᠤᠨ ᠤᠬᠠᠭᠠᠯᠠᠨ ᠲᠥᠯᠥᠪᠯᠡᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号