ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠣᠳᠠᠯ ᠤᠨ ᠲᠡᠮᠳᠡᠭᠯᠡᠯ ︵2022 ᠣᠨ ᠤ 6 ᠰᠠᠷ᠎ᠠ︶
ᠨᠡᠶᠢᠲᠡᠯᠡᠭᠰᠡᠨ ᠴᠠᠭ᠄
2022/7/20
    6 ᠰᠠᠷ᠎ᠠ ᠶᠢᠨ 2 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠵᠠᠷᠣᠳ ᠨᠢᠭᠡᠳᠦᠭᠡᠷ ᠳᠤᠮᠳᠠᠳᠤ ᠰᠤᠷᠭᠠᠭᠤᠯᠢ ᠪᠠ ᠵᠠᠷᠣᠳ ᠮᠣᠩᠭᠤᠯ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠬᠦᠷᠴᠦ ᠶᠡᠭᠡ  ᠰᠤᠷᠭᠠᠭᠤᠯᠢ ᠰᠢᠯᠭᠠᠬᠤ ᠪᠡᠯᠡᠳᠬᠡᠯ ᠠᠵᠢᠯ ᠢ ᠪᠠᠶᠢᠴᠠᠭᠠᠪᠠ᠃    6 ᠰᠠᠷ᠎ᠠ ᠶᠢᠨ 2 ᠤ ᠡᠳᠦᠷ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠤᠰᠤᠨ ᠶᠠᠪᠤᠳᠠᠯ ᠤᠨ ᠠᠵᠢᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠤᠰᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦ ᠶᠣᠣ ᠬᠤᠷᠠᠯ ᠳᠤ ᠣᠷᠣᠯᠴᠠᠪᠠ᠃    6 ᠰᠠᠷ᠎ᠠ ᠶᠢᠨ 3 ᠤ ᠡᠳᠦᠷ᠂ ᠵᠠᠷᠤᠳ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠬᠢᠨ ᠡᠨᠡ ᠵᠢᠯ ᠤᠨ ᠬᠤᠶᠠᠳᠠᠭᠢ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠦᠭᠰᠡᠨ ᠪᠠᠶᠢᠳᠠᠯ ᠢᠶᠠᠨ ᠵᠠᠷᠯᠠᠨ ᠮᠡᠳᠡᠭᠳᠡᠭᠰᠡᠨ ᠪᠥᠭᠡᠳ ᠵᠠᠭᠤᠴᠢᠯᠠᠭᠤᠷ ᠪᠠ ᠨᠡᠶᠢᠭᠡᠮ ᠤᠨ ᠬᠢᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠰᠣᠨᠢᠨ ᠮᠡᠳᠡᠭᠡᠨ ᠤ ᠨᠡᠶᠢᠲᠡᠯᠡᠬᠦ ᠬᠤᠷᠠᠯ ᠳᠤ ᠣᠷᠣᠯᠴᠠᠪᠠ᠃    6 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ ᠪᠠᠷ᠎ᠠ ᠪᠣᠯᠵᠤ ᠪᠠᠶᠢᠴᠠᠭᠠᠪᠠ᠃    6 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠪᠠ᠃    6 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠵᠠᠷᠤᠳ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠡᠷᠭᠡᠨᠪᠠᠲᠤ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    6 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠦ᠋ ᠴᠢᠩ ᠬᠠᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠵᠢᠷᠦᠬᠡ ᠪᠠᠯᠭᠠᠰᠤᠨ ᠳᠤ ᠭᠦᠨᠵᠡᠭᠡᠶᠢᠷᠡᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠪᠠ᠃    6 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 30 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠢᠪᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠬᠤᠷᠠᠯ ᠳᠤ ᠣᠷᠣᠯᠴᠠᠪᠠ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠰᠤᠯᠠ ᠣᠷᠣᠯᠴᠠᠪᠠ᠃    6 ᠰᠠᠷ᠎ᠠ ᠶᠢᠨ 9 ᠤ ᠡᠳᠦᠷ᠂ ᠲᠦᠩᠯᠢᠶᠣᠣ ᠬᠤᠲᠠ ᠶᠢᠨ ᠳᠡᠳ᠋ ᠬᠤᠲᠠ ᠶᠢᠨ ᠳᠠᠷᠤᠭ᠎ᠠ ᠼᠤᠤ ᠶᠢᠨ ᠱᠠᠨ ᠮᠠᠨ ᠤ ᠬᠤᠰᠢᠭᠤᠨ ᠳᠤ ᠢᠷᠡᠵᠦ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠱᠠᠭᠠᠷᠳᠠᠨ ᠪᠠᠶᠢᠴᠠᠭᠠᠪᠠ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠠᠷ᠎ᠠ ᠪᠣᠯᠪᠠ᠃    6 ᠰᠠᠷ᠎ᠠ ᠶᠢᠨ 9 ᠤ ᠡᠳᠦᠷ᠂ ᠯᠦᠪᠧᠢ ᠪᠠᠯᠭᠠᠰᠤᠨ ᠤ ᠭᠤᠣᠯ ᠬᠤᠲᠠ ᠲᠣᠭᠤᠷᠢᠭ ᠲᠤ ᠣᠷᠣᠨ ᠪᠦᠰᠡ ᠶᠢᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠪᠣᠳᠠᠲᠤ ᠳᠠᠶᠢᠨ ᠤ ᠪᠠᠴᠢᠮ ᠪᠠᠶᠢᠳᠠᠯ ᠢ  ᠠᠷᠭᠠᠴᠠᠭᠠᠬᠤ ᠰᠣᠷᠢᠯᠲᠠ ᠬᠢᠪᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠡᠯ᠎ᠡ ᠨᠡᠶᠢᠭᠡᠮ ᠲᠣᠭᠤᠷᠢᠭ ᠤᠨ ᠥᠯᠢᠭᠡᠷ ᠠᠪᠬᠤ ᠴᠡᠭ ᠲᠤ ᠪᠠᠭᠤᠵᠤ ᠲᠤᠬᠠᠢ ᠶᠢᠨ ᠭᠠᠵᠠᠷ ᠲᠤᠨᠢ ᠬᠦᠷᠴᠦ ᠬᠢᠨᠠᠨ ᠵᠢᠯᠤᠭᠤᠳᠴᠤ ᠪᠠᠶᠢᠴᠠᠭᠠᠪᠠ᠃    6 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠵᠠᠷᠤᠳ ᠬᠤᠰᠢᠭᠤ ᠪᠣᠯᠣᠨ ᠱᠠᠨᠳᠦ᠋ᠩ ᠤᠨ ᠤᠰᠤᠨ ᠶᠠᠪᠣᠳᠠᠯ ᠤᠨ ᠬᠥᠭᠵᠢᠯᠲᠡ ᠶᠢᠨ ᠪᠦᠯᠦᠭᠯᠡᠯ ᠤᠨ ᠲᠥᠷᠥᠯ ᠵᠦᠢᠯ ᠤᠨ ᠰᠠᠭᠤᠳᠠᠯ ᠤᠨ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠪᠠ᠃    6 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠨᠢᠭᠡᠳᠦᠭᠡᠷ ᠠᠵᠤ ᠦᠢᠯᠡᠰ ᠤᠨ ᠠᠵᠤ ᠠᠬᠤᠢ ᠶᠢᠨ ᠠᠵᠢᠯᠯᠠᠭᠠᠨ ᠤ ᠭᠦᠢᠴᠡᠳᠬᠡᠯ ᠲᠤᠭ᠎ᠠ ᠶᠢ ᠵᠠᠳᠠᠯᠬᠤ ᠬᠤᠷᠠᠯ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠬᠤᠭᠤᠴᠠᠭᠠᠨ ᠳᠠᠬᠢ ᠣᠯᠠᠨ ᠲᠦᠮᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠲᠣᠬᠢᠷᠠᠭᠤᠯᠣᠯᠲᠠ ᠶᠢᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    6 ᠰᠠᠷ᠎ᠠ ᠶᠢᠨ 14 ᠤ ᠡᠳᠦᠷ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠰᠢᠪᠲᠤᠯᠤᠯᠲᠠ ᠶᠢᠨ ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    6 ᠰᠠᠷ᠎ᠠ ᠶᠢᠨ 15 ᠤ ᠡᠳᠦᠷ᠂ ᠲᠦᠩᠯᠢᠶᠣᠣ ᠬᠤᠲᠠ ᠶᠢᠨ ᠳᠡᠳ᠋ ᠬᠤᠲᠠ ᠶᠢᠨ ᠳᠠᠷᠤᠭ᠎ᠠ ᠵᠥᠩ ᠸᠧᠢ ᠬᠤᠸᠠ ᠮᠠᠨ ᠤ ᠬᠤᠰᠢᠭᠤᠨ ᠳᠤ ᠢᠷᠡᠵᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠤᠭᠰᠠᠨ ᠪᠠ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    6 ᠰᠠᠷ᠎ᠠ ᠶᠢᠨ 16 ᠤ ᠡᠳᠦᠷ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠤᠨ ᠲᠣᠬᠠᠢ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠢᠪᠡ᠃    6 ᠰᠠᠷ᠎ᠠ ᠶᠢᠨ 16 ᠤ ᠡᠳᠦᠷ᠂ ᠮᠠᠨ ᠤ ᠬᠤᠰᠢᠭᠤ 2022 ᠣᠨ ᠤ ᠦᠶᠡᠷ ᠢ ᠰᠡᠷᠭᠡᠶᠢᠯᠡᠬᠦ ᠪᠣᠳᠠᠲᠤ ᠳᠠᠶᠢᠨ ᠤ ᠰᠣᠷᠢᠯᠲᠠ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦ ᠶᠣᠣ ᠰᠣᠷᠢᠯᠲᠠ ᠬᠢᠬᠦ ᠳᠤ ᠣᠷᠣᠯᠴᠠᠪᠠ᠃    6 ᠰᠠᠷ᠎ᠠ ᠶᠢᠨ 16 ᠤ ᠡᠳᠦᠷ᠂ ᠲᠦᠩᠯᠢᠶᠣᠣ ᠬᠤᠲᠠ ᠶᠢᠨ ︽ᠮᠥᠩᠭᠦᠨ ᠭᠦᠢᠯᠭᠡᠭᠡᠨ ᠤ ᠬᠠᠮ ᠲᠡᠷᠭᠡ︾ ᠶᠢ ᠠᠵᠤ ᠠᠬᠤᠶᠢᠯᠠᠯ ᠳᠤ ᠣᠷᠣᠬᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ᠃ ᠬᠤᠲᠠ ᠶᠢᠨ ᠳᠡᠳ᠋ ᠳᠠᠷᠤᠭ᠎ᠠ ᠨᠢᠦ ᠸᠧᠨ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠠᠵᠢᠯᠯᠠᠭ᠎ᠠ ᠳᠤ ᠣᠷᠣᠯᠴᠠᠪᠠ᠃    6 ᠰᠠᠷ᠎ᠠ ᠶᠢᠨ 16 ᠤ ᠡᠳᠦᠷ᠂ ᠲᠦᠩᠯᠢᠶᠣᠣ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠴᠢᠦ᠋ᠩ ᠨᠠᠷ ᠮᠠᠨ ᠤ ᠬᠤᠰᠢᠭᠤᠨ ᠳᠤ ᠭᠦᠨᠵᠡᠭᠡᠶᠢᠷᠡᠨ ᠴᠢᠮᠡᠭᠡ ᠬᠤᠯᠪᠣᠭ᠎ᠠ ᠶᠢᠨ ᠰᠠᠭᠤᠷᠢ ᠲᠥᠬᠦᠭᠡᠷᠦᠮᠵᠢ ᠵᠢᠴᠢ ᠰᠦᠯᠵᠢᠶ᠎ᠡ ᠶᠢᠨ ᠪᠠᠶᠢᠭᠤᠯᠤᠯᠲᠠ ᠶᠢᠨ ᠲᠤᠰᠬᠠᠢ ᠪᠠᠶᠢᠴᠠᠭᠠᠨ ᠰᠤᠳᠤᠯᠤᠯᠲᠠ ᠬᠢᠪᠡ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    6 ᠰᠠᠷ᠎ᠠ ᠶᠢᠨ 16 ᠤ ᠡᠳᠦᠷ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠦᠶᠡᠷ ᠢ ᠰᠡᠷᠭᠡᠶᠢᠯᠡᠨ ᠭᠠᠩ ᠬᠠᠭᠰᠠᠷᠭᠠᠨ ᠲᠠᠢ ᠲᠡᠮᠡᠴᠡᠬᠦ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠢᠪᠡ᠃    6 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠠᠴᠠ ᠭᠦᠸᠧ ᠷᠦᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠪᠠ᠃    6 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠵᠢᠢ ᠳ᠋ᠢᠶᠠᠨ ᠬᠤᠪᠢ ᠣᠷᠣᠭᠤᠯᠤᠭᠰᠠᠨ ᠺᠣᠮᠫᠠᠨᠢ᠂ ᠵᠥᠩ ᠺᠧ ᠴᠠᠬᠢᠯᠭᠠᠨ ᠬᠦᠴᠦᠨ ᠤ ᠲᠣᠨᠣᠭᠯᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠬᠢᠨ ᠲᠠᠢ ᠴᠠᠬᠢᠯᠭᠠᠨ ᠬᠦᠴᠦᠨ ᠤ ᠲᠣᠨᠣᠭᠯᠠᠯ ᠤᠨ ᠲᠥᠷᠥᠯ ᠵᠦᠢᠯ ᠤᠨ ᠲᠤᠬᠠᠢ ᠵᠥᠪᠳᠡᠯᠴᠡᠪᠡ᠃    6 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠥᠬᠦ ᠬᠤᠰᠢᠭᠤᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠪᠠ ᠪᠡᠯᠡ ᠮᠥᠩᠭᠦ ᠲᠡᠮᠡᠴᠡᠵᠤ ᠣᠯᠣᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠬᠤᠷᠠᠯ ᠳᠤ ᠣᠷᠣᠯᠴᠠᠪᠠ᠃    6 ᠰᠠᠷ᠎ᠠ ᠶᠢᠨ 22 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠲᠠ ᠶᠢᠨ ᠣᠶ ᠰᠢᠭᠤᠢ ᠶᠢᠨ ᠳᠠᠷᠤᠭ᠎ᠠ ᠮᠧᠩ ᠰᠢᠶᠠᠨ ᠳ᠋ᠦᠩ ᠵᠠᠷᠤᠳ ᠬᠤᠰᠢᠭᠤᠨ ᠤ ᠬᠠᠨ ᠠᠭᠤᠯᠠ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠭᠦᠨᠵᠡᠭᠡᠶᠢᠷᠡᠨ ᠣᠶ ᠰᠢᠭᠤᠢ ᠶᠢᠨ ᠠᠬᠠᠯᠠᠭᠴᠢ ᠶᠢᠨ ᠴᠠᠭᠳᠠᠨ ᠪᠠᠶᠢᠴᠠᠭᠠᠯᠲᠠ ᠬᠢᠭᠰᠡᠨ ᠪᠠ ᠣᠢ ᠰᠢᠭᠤᠢ ᠶᠢᠨ ᠠᠬᠠᠯᠠᠭᠴᠢ ᠶᠢᠨ ᠳᠥᠷᠢᠮ ᠤᠨ ᠠᠵᠢᠯ ᠢ ᠪᠠᠶᠢᠴᠠᠭᠠᠨ ᠰᠤᠳᠣᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠡᠷᠭᠡᠨᠪᠠᠲᠤ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    6 ᠰᠠᠷ᠎ᠠ ᠶᠢᠨ 24 ᠤ ᠡᠳᠦᠷ᠂ ᠵᠠᠷᠤᠳ ᠬᠤᠰᠢᠭᠤ ᠬᠢᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠤᠯᠤᠰ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠢᠨ ᠬᠤᠶᠠᠳᠤᠭᠠᠷ ᠲᠣᠪᠴᠢᠶ᠎ᠠ ᠵᠡᠷᠭᠡ ᠣᠯᠠᠨ ᠠᠵᠤ ᠠᠬᠤᠶᠢᠯᠠᠯ ᠬᠢᠨ ᠲᠠᠢ ᠲᠥᠷᠥᠯ ᠵᠦᠢᠯ ᠤᠨ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠬᠤᠷᠠᠯ ᠳᠤ ᠣᠷᠣᠯᠴᠠᠪᠠ᠃    6 ᠰᠠᠷ᠎ᠠ ᠶᠢᠨ 25 ᠤ ᠡᠳᠦᠷ᠂ ᠵᠠᠷᠤᠳ ᠬᠤᠰᠢᠭᠤ ᠪᠣᠯᠣᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠴᠢᠬᠤᠯᠠ ᠶᠡᠭᠡ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃    6 ᠰᠠᠷ᠎ᠠ ᠶᠢᠨ 26 ᠤ ᠡᠳᠦᠷ᠂ ᠵᠠᠷᠤᠳ ᠬᠤᠰᠢᠭᠤ ᠳᠤᠮᠳᠠᠳᠤ ᠤᠯᠤᠰ ᠤᠨ ᠰᠢᠨᠵᠢᠯᠡᠭᠡ ᠮᠡᠷᠭᠡᠵᠢᠯ ᠴᠠᠬᠢᠯᠭᠠᠨ ᠬᠦᠴᠦᠨ ᠤ ᠲᠣᠨᠣᠭᠯᠠᠯ ᠤᠨ ᠠᠵᠤ ᠦᠢᠯᠡᠰ ᠤᠨ ᠲᠣᠭᠤᠷᠢᠭ ᠤᠨ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃    6 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠠᠴᠠ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 31 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠢᠪᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠬᠤᠷᠠᠯ ᠳᠤ ᠣᠷᠣᠯᠴᠠᠪᠠ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠰᠤᠯᠠ ᠣᠷᠣᠯᠴᠠᠪᠠ᠃    6 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ ᠬᠤᠷᠠᠯ ᠳᠤ ᠣᠷᠣᠯᠴᠠᠪᠠ᠃    6 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠲᠦᠩᠯᠢᠶᠣᠣ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦᠢ ᠶᠦᠩ ᠴᠧᠩ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    6 ᠰᠠᠷ᠎ᠠ ᠶᠢᠨ 29 ᠤ ᠡᠳᠦᠷ᠂ ᠮᠠᠨ ᠤ ᠬᠤᠰᠢᠭᠤ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠤᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠰᠠᠭᠤᠳᠠᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    6 ᠰᠠᠷ᠎ᠠ ᠶᠢᠨ 30 ᠤ ᠡᠳᠦᠷ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠬᠤᠩ ᠹᠦ᠋ ᠮᠠᠨ ᠤ ᠬᠤᠰᠢᠭᠤᠨ ᠳᠤ ᠢᠷᠡᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    6 ᠰᠠᠷ᠎ᠠ ᠶᠢᠨ 30 ᠤ ᠡᠳᠦᠷ᠂ ᠮᠠᠨ ᠤ ᠬᠤᠰᠢᠭᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠬᠤᠷᠠᠯ ᠵᠢᠴᠢ ᠡᠷᠡᠭᠦᠯ ᠡᠩᠬᠡ ᠵᠠᠷᠣᠳ ᠤᠨ ᠠᠵᠢᠯᠯᠠᠭ᠎ᠠ ᠶᠢ ᠠᠬᠢᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号