ᠱᠤᠤ ᠶᠠᠨ ᠵᠢᠶᠦ᠋ᠨ ᠨᠠᠷ ᠠᠨᠾᠦ᠋ᠢ ᠶᠢᠨ ᠶᠢᠨ ᠱᠧᠩ ᠳ᠋ᠡ ᠠᠮᠢᠳᠤ ᠪᠣᠳᠠᠰ ᠡᠯᠧᠺᠲᠷᠣᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠲᠤᠯᠤᠭᠠᠨ ᠡᠳᠦᠷ ᠤᠨ ᠡᠪᠡᠰᠤᠨ ᠤ ᠲᠦᠷᠦᠯ ᠵᠦᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/7/4
     7 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠼᠦᠢ ᠯᠧᠢ ᠯᠧᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠨᠾᠦ᠋ᠢ ᠶᠢᠨ ᠶᠢᠨ ᠱᠧᠩ ᠳ᠋ᠡ ᠠᠮᠢᠳᠤ ᠪᠣᠳᠠᠰ ᠡᠯᠧᠺᠲᠷᠣᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠲᠤᠯᠤᠭᠠᠨ ᠡᠳᠦᠷ ᠤᠨ ᠡᠪᠡᠰᠤᠨ ᠤ ᠲᠥᠷᠥᠯ ᠵᠦᠢᠯ ᠢ ᠰᠢᠨᠵᠢᠯᠡᠨ ᠪᠠᠶᠢᠴᠠᠭᠠᠪᠠ᠃ ᠶᠢᠨ ᠱᠧᠩ ᠳ᠋ᠡ ᠠᠮᠢᠳᠤ ᠪᠣᠳᠠᠰ ᠡᠯᠧᠺᠲᠷᠣᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ᠂  ᠭᠦᠢᠴᠡᠳᠭᠡᠭᠴᠢ ᠶᠡᠷᠦᠩᠬᠡᠢ ᠵᠠᠬᠢᠷᠤᠭᠴᠢ ᠶᠠᠩ ᠵᠧ᠂ ᠡᠳ᠋ ᠤᠨ ᠶᠠᠪᠤᠳᠠᠯ ᠤᠨ ᠲᠡᠷᠢᠭᠦᠨ ᠲᠤᠰᠢᠶᠠᠯᠲᠠᠨ ᠹᠧᠩ ᠶᠠᠨ ᠬᠤᠩ᠂ ᠣᠷᠣᠨ ᠪᠦᠰᠡ ᠶᠢᠨ ᠬᠠᠮᠢᠶᠠᠷᠤᠯᠲᠠ ᠶᠢᠨ ᠬᠡᠯᠲᠡᠰ ᠤᠨ ᠶᠡᠷᠦᠩᠬᠡᠢ ᠬᠢᠨᠠᠭᠴᠢ ᠶᠠᠩ ᠪᠢ ᠶᠢᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ ᠰᠠᠭᠤᠳᠠᠯ ᠤᠨ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠡᠵᠢᠭᠡᠯ ᠡᠪᠡᠰᠦᠨ ᠤ ᠦᠷ᠎ᠡ ᠶᠢ ᠠᠵᠤ ᠤᠶᠢᠯᠡᠳᠪᠤᠷᠢᠵᠢᠭᠦᠯᠤᠨ ᠤᠶᠢᠯᠡᠳᠪᠤᠷᠢᠯᠡᠬᠦ᠂ ᠭᠡᠷᠡᠯ ᠨᠥᠬᠦᠪᠦᠷᠢᠯᠡᠬᠦ ᠰᠤᠪᠤᠷᠭ᠎ᠠ  ᠭᠡᠷᠡᠯ ᠨᠥᠬᠦᠪᠦᠷᠢᠯᠡᠬᠦ ᠲᠥᠬᠦᠭᠡᠷᠦᠮᠵᠢ᠂ ᠲᠡᠵᠢᠭᠡᠯ ᠡᠪᠡᠰᠦᠨ ᠤ ᠬᠠᠮᠢᠶᠠᠷᠤᠯᠲᠠ ᠶᠢᠨ ᠮᠡᠷᠭᠡᠵᠢᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠂ ᠵᠢᠴᠢ ᠲᠦᠷᠦᠯ ᠵᠦᠢᠯ ᠢ ᠪᠣᠳᠠᠲᠠᠶᠢᠵᠢᠭᠤᠯᠤᠭᠰᠠᠨ ᠤ ᠲᠠᠷᠠᠭ᠎ᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠠᠭᠪᠤᠷ᠂ ᠲᠦᠷᠦᠯ ᠵᠦᠢᠯ ᠤᠨ ᠵᠢᠷᠤᠭ ᠲᠥᠯᠥᠪᠯᠡᠭᠡ ᠪᠠ ᠡᠵᠡᠩᠨᠡᠯᠲᠡ ᠶᠢᠨ ᠲᠤᠬᠠᠢ ᠭᠦᠨᠵᠡᠭᠡᠢ ᠰᠤᠳᠤᠯᠤᠯᠲᠠ ᠬᠢᠵᠦ᠂ ᠲᠤᠰ ᠲᠦᠷᠦᠯ ᠵᠦᠢᠯ ᠢ ᠲᠤᠷᠰᠢᠬᠤ ᠵᠢᠱᠢᠶ᠎ᠡ ᠦᠵᠡᠭᠦᠯᠬᠦ ᠲᠤᠬᠠᠢ ᠬᠠᠮᠳᠤᠷᠠᠯᠴᠠᠬᠤ ᠰᠠᠨᠠᠮᠵᠢ ᠲᠠᠢ ᠪᠤᠯᠪᠠ᠃
微信图片_20220704104503_副本.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号