ᠵᠠᠩ ᠬᠤᠩ ᠹᠦ᠋ ᠵᠠᠷᠤᠳ ᠬᠤᠰᠢᠭᠤᠨ ᠳᠤ ᠢᠷᠡᠵᠦ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/4
      6 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠵᠠᠩ ᠬᠤᠩ ᠹᠦ᠋ ᠵᠠᠷᠤᠳ ᠬᠤᠰᠢᠭᠤᠨ ᠳᠤ ᠢᠷᠡᠵᠦ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠯᠢᠦ ᠶᠣᠣ ᠵᠢᠴᠢ ᠬᠤᠲᠠ᠂ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ᠵᠠᠩ ᠬᠤᠩ ᠹᠦ᠋ ᠬᠠᠮᠲᠤ ᠶᠠᠪᠣᠭᠰᠠᠳ ᠲᠠᠢ ᠪᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠪᠠᠶᠢᠷᠢᠯᠠᠭᠤᠯᠤᠯᠲᠠ᠂ ᠦᠢᠯᠡᠴᠢᠯᠡᠭᠡᠨ ᠤ ᠣᠷᠴᠢᠨ ᠲᠣᠭᠤᠷᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠶᠢᠭᠤᠯᠭ᠎ᠠ ᠶᠢᠨ ᠣᠷᠣᠵᠤ ᠰᠠᠭᠤᠭᠰᠠᠨ ᠪᠠᠶᠢᠳᠠᠯ᠂ ᠬᠡᠷᠡᠭ ᠭᠦᠢᠴᠡᠳᠬᠡᠬᠦ ᠶᠠᠪᠤᠴᠠ᠂ ᠭᠦᠢᠴᠡᠳᠬᠡᠬᠦ ᠴᠠᠭ ᠤᠨ ᠬᠢᠵᠠᠭᠠᠷ᠂ ᠦᠢᠯᠡᠴᠢᠯᠡᠭᠡᠨ ᠤ ᠵᠦᠢᠯᠡᠰ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ᠃
0788579f181bbb4bd7bc12ac78e91b1.jpg   
     ᠵᠠᠩ ᠬᠤᠩ ᠹᠦ᠋ ᠬᠡᠯᠡᠭᠰᠡᠨ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠵᠠᠷᠤᠳ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠴᠢᠬᠤᠯᠠ ᠲᠠᠪᠴᠠᠩ ᠪᠣᠯᠤᠭᠰᠠᠨ ᠤ ᠬᠤᠪᠢ ᠳᠤ᠂ ᠣᠷᠣᠨ ᠨᠤᠲᠤᠭ ᠤᠨ ᠳᠦᠷᠢ ᠲᠥᠷᠬᠦ ᠶᠢ ᠳᠡᠯᠭᠡᠨ ᠦᠵᠡᠭᠦᠯᠬᠦ ᠴᠢᠬᠤᠯᠠ ᠴᠣᠩᠬᠤᠪᠴᠢ ᠪᠣᠯᠣᠨ᠎ᠠ᠃ ᠬᠡᠷᠡᠭ  ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠠᠭᠤᠯᠭ᠎ᠠ ᠪᠠᠨ ᠲᠡᠭᠦᠯᠳᠡᠷᠵᠢᠭᠦᠯᠵᠦ᠂ ᠬᠡᠷᠡᠭ ᠭᠦᠢᠴᠡᠳᠭᠡᠬᠦ ᠭᠤᠭᠴᠤᠭ᠎ᠠ ᠶᠢ ᠴᠣᠮᠬᠠᠳᠬᠠᠵᠤ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ ᠪᠠ ᠠᠵᠤ ᠠᠬᠤᠶᠢᠯᠠᠯ ᠤᠯᠠᠨ ᠲᠦᠮᠡᠨ ᠳᠤ ᠦᠢᠯᠡᠴᠢᠯᠡᠬᠦ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ ᠲᠠᠪᠴᠠᠩ ᠪᠣᠯᠭᠠᠨ ᠪᠠᠶᠢᠭᠤᠯᠬᠤ ᠬᠡᠷᠡᠭᠲᠡᠢ᠃ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠥᠨᠥᠴᠢᠨ ᠠᠷᠠᠯ ᠪᠠ ᠲᠤᠭ᠎ᠠ ᠪᠠᠷᠢᠮᠲᠠ ᠶᠢᠨ ᠬᠤᠷᠢᠭ᠎ᠠ ᠰᠠᠭᠠᠳ ᠢ ᠡᠷᠡᠰ ᠡᠪᠳᠡᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ︽ᠮᠡᠳᠡᠭᠡ ᠵᠠᠩᠭᠢ ᠶᠢ ᠢᠯᠡᠭᠦᠦ ᠭᠦᠶᠦᠯᠭᠡᠵᠦ᠂ ᠤᠯᠠᠨ ᠲᠦᠮᠡᠨ ᠢ ᠳᠤᠲᠠᠭᠤ ᠭᠦᠶᠦᠯᠭᠡᠬᠦ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠣᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠳᠠᠰᠤᠷᠠᠯᠳᠠ ᠦᠭᠡᠢ ᠬᠤᠪᠢᠷᠠᠭᠤᠯᠵᠤ᠂ ᠠᠵᠢᠯ ᠤᠨ ᠰᠤᠷᠲᠠᠯ ᠢᠶᠠᠨ ᠰᠢᠯᠢᠳᠡᠭᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦ ᠪᠠᠨ ᠲᠥᠪᠯᠡᠷᠡᠭᠦᠯᠦᠨ ᠠᠵᠤ ᠠᠬᠤᠶᠢᠯᠠᠯ ᠪᠣᠯᠣᠨ ᠤᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠠᠪᠣᠴᠠ ᠳᠠᠬᠢ ᠬᠦᠴᠢᠷᠳᠡᠯ᠂ ᠲᠦᠭᠵᠢᠷᠡᠯ᠂ ᠲᠥᠪᠯᠡᠷᠡᠯ ᠤᠨ ᠴᠡᠭ ᠢ ᠰᠠᠶᠢᠲᠤᠷ ᠰᠢᠢᠳᠪᠦᠷᠢᠯᠡᠵᠦ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠪᠡ᠃
c8bc93e35cc564eabe08ba0cc4261a5.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号