ᠵᠠᠷᠤᠳ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠬᠤᠷᠠᠯ ᠵᠢᠴᠢ ᠡᠷᠡᠭᠦᠯ ᠡᠩᠬᠡ ᠵᠠᠷᠤᠳ ᠤᠨ ᠠᠵᠢᠯᠯᠠᠭ᠎ᠠ ᠶᠢ ᠠᠬᠢᠭᠤᠯᠬᠤ ᠬᠤᠷᠠᠯ  ᠬᠢᠪᠡ
ᠨᠡᠶᠢᠲᠡᠯᠡᠭᠰᠡᠨ ᠴᠠᠭ᠄
2022/7/4
    6 ᠰᠠᠷ᠎ᠠ ᠶᠢᠨ 30 ᠤ ᠡᠳᠦᠷ᠂ ᠵᠠᠷᠤᠳ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠬᠤᠷᠠᠯ ᠵᠢᠴᠢ ᠡᠷᠡᠭᠦᠯ ᠡᠩᠬᠡ ᠵᠠᠷᠤᠳ ᠤᠨ ᠠᠵᠢᠯᠯᠠᠭ᠎ᠠ ᠶᠢ ᠠᠬᠢᠭᠤᠯᠬᠤ ᠬᠤᠷᠠᠯ ᠬᠢᠪᠡ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠡᠯ᠎ᠡ ᠰᠤᠮᠤ ᠪᠠᠯᠭᠠᠰᠤ ᠲᠠᠯᠠᠪᠠᠶ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠪᠣᠯᠣᠨ ᠡᠷᠡᠭᠦᠯ ᠡᠩᠬᠡ ᠵᠠᠷᠤᠳ   ᠤᠨ ᠠᠵᠢᠯᠯᠠᠭ᠎ᠠ ᠶᠢ ᠠᠬᠢᠭᠤᠯᠬᠤ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
微信图片_20220704104521.jpg    
    ᠭᠦᠸᠧ ᠶᠠ ᠹᠧᠩ ᠱᠠᠭᠠᠷᠳᠠᠭᠰᠠᠨ ᠨᠢ᠂ ᠪᠥᠬᠦ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠪᠠ ᠡᠷᠡᠭᠦᠯ ᠡᠩᠬᠡ ᠵᠠᠷᠤᠳ ᠤᠨ ᠠᠵᠢᠯᠯᠠᠭ᠎ᠠ ᠶᠢᠨ ᠠᠵᠢᠯ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠦᠷᠭᠦᠯᠵᠢᠯᠡᠨ ᠬᠦᠴᠦᠯᠡᠵᠦ᠂ ᠡᠯ᠎ᠡ ᠵᠦᠢᠯ ᠤᠨ ᠠᠵᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠳᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠡᠷᠡᠭᠦᠯ ᠰᠠᠷᠠᠭᠤᠯ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠤᠯᠤᠰ ᠤᠨ ᠠᠷᠢᠭᠤᠨ ᠴᠡᠪᠡᠷ ᠬᠤᠲᠠ ᠪᠠᠯᠭᠠᠰᠤ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠠᠮᠤᠭ ᠤᠨ ᠰᠢᠨ᠎ᠡ ᠠᠷᠭ᠎ᠠ ᠪᠠ ᠪᠠᠷᠢᠮᠵᠢᠶ᠎ᠠ ᠶᠢ ᠪᠥᠬᠦ ᠲᠠᠯ᠎ᠠ ᠪᠠᠷ ᠰᠤᠷᠤᠯᠴᠠᠨ ᠡᠵᠡᠮᠰᠢᠵᠦ᠂ ᠪᠠᠶᠢᠩᠭᠤᠵᠢᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠢᠭᠤᠨ ᠴᠡᠪᠡᠷ  ᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠯᠤᠰ ᠤᠨ ᠲᠠᠰ ᠤᠨ ᠠᠷᠢᠭᠤᠨ ᠴᠡᠪᠡᠷ ᠬᠤᠰᠢᠭᠤ ᠰᠢᠶᠠᠨ ᠢ ᠴᠢᠷᠮᠠᠶᠢᠨ ᠪᠠᠶᠢᠭᠤᠯᠬᠤ ᠬᠡᠷᠡᠭᠲᠡᠢ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠡᠷᠬᠡ ᠲᠡᠭᠰᠢ ᠦᠢᠯᠡᠴᠢᠯᠡᠭᠡ ᠪᠣᠯᠣᠨ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠷᠡᠭᠦᠯ ᠮᠡᠨᠳᠦ ᠶᠢᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃
微信图片_20220704104516.jpg    
     ᠭᠦᠸᠧ ᠶᠠ ᠹᠧᠩ ᠴᠢᠬᠤᠯᠠᠴᠢᠯᠠᠬᠤ ᠳᠠᠭᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠪᠠ ᠡᠷᠡᠭᠦᠯ ᠡᠩᠬᠡ ᠵᠠᠷᠤᠳ ᠤᠨ ᠠᠵᠢᠯᠯᠠᠭ᠎ᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ︽ᠵᠠᠰᠠᠭ ᠤᠨ ᠣᠷᠳᠣᠨ ᠵᠣᠬᠢᠶᠠᠨ ᠪᠠᠶᠢᠭᠤᠯᠬᠤ᠂ ᠰᠠᠯᠠᠭ᠎ᠠ ᠮᠥᠴᠢᠷ ᠵᠣᠬᠢᠴᠠᠭᠤᠯᠬᠤ᠂ ᠣᠯᠠᠨ ᠲᠦᠮᠡᠨ ᠣᠷᠤᠯᠴᠠᠬᠤ᠂ ᠨᠡᠶᠢᠭᠡᠮ ᠠᠴᠠ ᠬᠢᠨᠠᠯᠲᠠ ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠲᠥᠷᠥᠯ ᠬᠤᠪᠢᠶᠠᠨ ᠵᠢᠯᠤᠭᠤᠳᠬᠤ︾ ᠠᠵᠢᠯ ᠤᠨ ᠲᠣᠭᠲᠠᠴᠠ ᠶᠣᠰᠣᠭᠠᠷ᠂ ᠰᠢᠯᠢᠳᠡᠭ ᠲᠠᠯ᠎ᠠ ᠪᠠᠨ ᠴᠢᠩᠭᠠᠷᠠᠭᠤᠯᠤᠨ᠂  ᠲᠤᠳᠠᠭᠳᠠᠯ ᠢᠶᠠᠨ ᠨᠥᠬᠦᠪᠦᠷᠢᠯᠡᠵᠦ᠂ ᠰᠠᠭᠤᠷᠢ ᠪᠠᠨ ᠪᠠᠬᠢᠵᠢᠭᠦᠯᠵᠦ᠂ ᠰᠢᠨ᠎ᠡ ᠬᠡᠯᠪᠡᠷᠢ ᠶᠢ ᠡᠭᠦᠳᠤᠨ ᠪᠣᠯᠪᠠᠰᠤᠷᠠᠭᠤᠯᠵᠤ᠂ ᠡᠯ᠎ᠡ ᠵᠦᠢᠯ ᠤᠨ ᠠᠵᠢᠯ ᠢᠶᠠᠨ ᠨᠠᠶᠢᠳᠠᠪᠤᠷᠢᠵᠢᠭᠤᠯᠬᠤ ᠶᠢ ᠴᠥᠬᠦᠷᠡᠰᠢ ᠦᠭᠡᠢ ᠪᠠᠶᠢᠩᠭᠤ ᠲᠦᠯᠬᠢᠨ ᠠᠬᠢᠭᠤᠯᠬᠤ ᠬᠡᠷᠡᠭᠲᠡᠢ᠃ ᠪᠥᠬᠦ ᠲᠠᠯ᠎ᠠ ᠶᠢᠨ ᠦᠵᠡᠯᠲᠡ᠂ ᠶᠡᠭᠡ ᠲᠠᠯ᠎ᠠ ᠶᠢᠨ ᠤᠬᠠᠮᠰᠠᠷ ᠲᠠᠢ ᠪᠠᠶᠢᠵᠤ᠂ ᠦᠪᠡᠷ ᠦᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠬᠠᠮᠳᠤᠷᠠᠨ ᠬᠠᠮᠵᠢᠯᠴᠠᠵᠤ᠂ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠱᠠᠲᠤ ᠦᠶ᠎ᠡ ᠶᠢᠨ ᠠᠵᠢᠯ ᠤᠨ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠤᠬᠠᠭᠤᠯᠤᠨ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠬᠥᠭᠵᠢᠯᠲᠡ ᠶᠢᠨ ᠲᠡᠦᠬᠡ ᠪᠠ ᠠᠵᠢᠯ ᠤᠨ ᠦᠷ᠎ᠡ ᠪᠦᠲᠦᠮᠵᠢ ᠶᠢ ᠶᠡᠬᠡᠪᠡᠷ ᠤᠬᠠᠭᠤᠯᠵᠤ᠂ ᠦᠨᠳᠦᠰᠦᠨ ᠱᠠᠲᠤᠨ ᠤ ᠠᠮᠢᠳᠤ ᠲᠦᠷᠰᠦᠯᠢᠭ ᠲᠤᠷᠰᠢᠯᠭ᠎ᠠ ᠶᠢ ᠠᠭᠤᠳᠠᠯᠤᠨ ᠳᠡᠯᠭᠡᠷᠡᠭᠦᠯᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠨᠡᠶᠢᠭᠡᠮ᠂ ᠣᠯᠠᠨ ᠲᠦᠮᠡᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤ ᠥᠭᠴᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠢᠨᠠᠮᠠᠭᠠᠢ ᠰᠢᠢᠳᠪᠦᠷᠢᠯᠡᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃
微信图片_20220704104510.jpg     ᠬᠤᠷᠠᠯ ᠠᠴᠠ 2021 ᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠪᠣᠯᠣᠨ ᠡᠷᠡᠬᠦᠯ ᠡᠩᠭᠡ
ᠵᠠᠷᠤᠳ ᠤᠨ ᠠᠵᠢᠯᠯᠠᠭ᠎ᠠ ᠶᠢ ᠡᠷᠭᠢᠴᠡᠭᠦᠯᠦᠨ ᠳ᠋ᠦᠩᠨᠡᠵᠦ᠂ 2022 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ︔ 2021 ᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭᠤᠣᠯᠳᠠᠯᠭ᠎ᠠ ᠲᠠᠢ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠡᠷᠡᠭᠦᠯ ᠡᠩᠬᠡ ᠵᠠᠷᠤᠳ ᠤᠨ ᠠᠵᠢᠯᠯᠠᠭ᠎ᠠ ᠶᠢᠨ ᠲᠤᠭ᠎ᠠ ᠪᠠᠷᠢᠮᠲᠠ ᠶᠢ ᠬᠢᠨᠠᠨ ᠰᠢᠯᠭᠠᠭᠰᠠᠨ ᠪᠠᠶᠢᠳᠠᠯ ᠢ ᠮᠡᠳᠡᠭᠳᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号