| ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠵᠠᠷᠤᠳ | ᠬᠤᠰᠢᠭᠤᠨ ᠤ ᠬᠢᠨ ︽ᠭᠤᠷᠪᠠᠨ ᠫᠠᠢ︾ ᠶᠢ ᠰᠠᠶᠢᠲᠤᠷ ᠲᠣᠭᠯᠠᠬᠤ ᠪᠠᠷ ᠳᠠᠮᠵᠢᠨ᠂ ᠲᠣᠭᠲᠠᠮᠠᠯ ᠬᠥᠷᠥᠩᠭᠡ ᠶᠢ | ᠳᠠᠩᠰᠠᠯᠠᠬᠤ ᠦᠢᠯᠡᠴᠢᠯᠡᠭᠡᠨ ᠤ ᠴᠢᠳᠠᠪᠤᠷᠢ ᠪᠠᠨ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠵᠢᠯ ᠶᠠᠪᠤᠳᠠᠯ | ᠭᠦᠢᠴᠡᠳᠬᠡᠬᠦ ᠠᠵᠤ ᠠᠬᠤᠶᠢᠯᠠᠯ᠂ ᠣᠯᠠᠨ ᠲᠦᠮᠡᠨ ᠤ ᠪᠡᠶᠡᠴᠢ ᠮᠡᠳᠡᠷᠡᠮᠵᠢ᠂ ᠬᠦᠷᠲᠡᠮᠵᠢ ᠶᠢᠨ ᠲᠥᠷᠥᠭᠳᠡᠯ ᠪᠠ | ᠬᠠᠨᠤᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | | | | ᠠᠷᠠᠳ ᠲᠤ ᠲᠥᠬᠦᠮ ᠦᠵᠡᠭᠦᠯᠬᠦ ᠫᠠᠢ ᠶᠢ ᠰᠠᠶᠢᠲᠤᠷ ᠲᠠᠯᠪᠢᠵᠤ᠂ ᠲᠤᠬᠠᠶᠢᠯᠠᠭᠰᠠᠨ ᠠᠵᠢᠯ ᠭᠦᠢᠴᠡᠳᠭᠡᠬᠦ ᠳᠤ | ᠶᠠᠷᠰᠢᠭ ᠲᠦᠪᠡᠭ ᠲᠠᠢ ᠪᠠᠶᠢᠭᠰᠠᠨ ᠠᠴᠠ ᠪᠠᠨ ᠲᠥᠬᠦᠮ ᠳᠥᠲᠡ ᠪᠣᠯᠬᠤ ᠶᠢ ᠠᠬᠢᠭᠤᠯᠪᠠ᠃ ︽ᠢᠨᠲ᠋ᠧᠷ ᠰᠦᠯᠵᠢᠶ᠎ᠡ | +︾ ᠪᠠᠷ ᠰᠢᠵᠢᠮ ᠪᠣᠯᠭᠠᠵᠤ᠂ ᠰᠦᠯᠵᠢᠶᠡᠨ ᠳᠡᠭᠡᠷᠡᠬᠢ ᠲᠣᠭᠲᠠᠮᠠᠯ ᠬᠥᠷᠥᠩᠭᠡ ᠶᠢᠨ ᠳᠠᠩᠰᠠᠯᠠᠯᠲᠠ ᠶᠢᠨ ᠶᠡᠭᠡ | ᠲᠢᠩᠬᠢᠮ ᠪᠠ ︽ᠮᠦᠩᠬᠡ ᠰᠣᠪᠠᠭ︾ ᠤᠨ APP ᠳᠤ ᠲᠦᠰᠢᠭᠯᠡᠨ᠂ ᠭᠠᠳᠠᠭᠠᠳᠤ ᠰᠦᠯᠵᠢᠶ᠎ᠡ ᠪᠠᠷ ᠭᠤᠶᠤᠴᠢᠯᠠᠬᠤ᠂ | ᠳᠣᠲᠣᠭᠠᠳᠤ ᠰᠦᠯᠵᠢᠶ᠎ᠡ ᠪᠠᠷ ᠬᠢᠨᠠᠨ ᠬᠠᠷᠭᠤᠭᠤᠯᠵᠤ ᠠᠵᠢᠯᠯᠠᠭᠤᠯᠬᠤ ᠵᠠᠭᠪᠤᠷ ᠢ ᠬᠡᠷᠡᠭᠵᠢᠭᠦᠯᠵᠦ᠂ ︽ᠢᠨᠲ᠋ᠧᠷ | ᠰᠦᠯᠵᠢᠶ᠎ᠡ + ᠲᠣᠭᠲᠠᠮᠠᠯ ᠬᠥᠷᠥᠩᠭᠡ ᠶᠢᠨ ᠳᠠᠩᠰᠠᠯᠠᠯᠲᠠ︾ ᠶᠢᠨ ᠰᠦᠯᠵᠢᠶᠡᠨ ᠤ ᠮᠡᠳᠡᠭᠡ ᠵᠠᠩᠭᠢ ᠶᠢᠨ ᠲᠠᠪᠴᠠᠩ ᠢ | ᠪᠠᠶᠢᠭᠤᠯᠤᠨ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠦᠨᠡᠮᠯᠡᠯ ᠰᠢᠯᠭᠠᠨ ᠪᠠᠲᠤᠯᠠᠬᠤ᠂ ᠳᠡᠩᠰᠡᠯᠡᠨ | ᠲᠡᠮᠳᠡᠭᠯᠡᠭᠦᠯᠬᠦ ᠪᠠᠷ ᠭᠤᠶᠤᠴᠢᠯᠠᠬᠤ ᠵᠡᠷᠭᠡ ᠴᠢᠳᠠᠮᠵᠢ ᠶᠢ ᠨᠠᠪᠲᠠᠷᠡᠭᠦᠯᠵᠦ᠂ ᠪᠦᠬᠦᠯᠢ ᠡᠳᠦᠷ ᠢᠶᠠᠷ᠂ ᠪᠥᠬᠦ | ᠰᠦᠯᠵᠢᠶᠡᠨ ᠤ ᠬᠡᠪᠴᠢᠶᠡᠨ ᠳᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠪᠡᠶᠡᠯᠡᠭᠦᠯᠪᠡ᠃ ᠲᠠᠷᠢᠶᠠᠯᠠᠩ ᠤᠨ | ᠪᠠᠩᠬᠢ᠂ ᠳᠤᠮᠳᠠᠳᠤ ᠤᠯᠤᠰ ᠤᠨ ᠪᠠᠩᠬᠢ ᠵᠡᠷᠭᠡ ᠭᠤᠷᠪᠠᠨ ᠲᠣᠮᠣ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ | ᠲᠣᠭᠲᠠᠮᠠᠯ ᠬᠥᠷᠥᠩᠭᠡ ᠶᠢᠨ ᠳᠠᠩᠰᠠᠯᠠᠯᠲᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠢᠭ᠋ ᠢ | ᠪᠠᠶᠢᠭᠤᠯᠵᠤ᠂ ᠪᠠᠷᠢᠴᠠᠭ᠎ᠠ ᠬᠢᠬᠦ ᠳᠠᠩᠰᠠᠯᠠᠯᠲᠠ ᠶᠢ ᠯᠠᠪᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ ᠭᠦᠢᠴᠡᠳᠬᠡᠬᠦ | ᠵᠡᠷᠭᠡ ᠲᠤᠬᠠᠶᠢᠯᠠᠭᠰᠠᠨ ᠠᠵᠢᠯ ᠢ ᠪᠠᠩᠬᠢ ᠶᠢᠨ ᠲᠣᠣᠷ ᠴᠡᠭ ᠲᠤ ᠬᠦᠷᠲᠡᠯ᠎ᠡ ᠤᠷᠢᠳᠴᠢᠯᠠᠨ ᠰᠢᠯᠵᠢᠭᠦᠯᠵᠦ᠂ ᠠᠵᠤ | ᠠᠬᠤᠶᠢᠯᠠᠯ ᠪᠠ ᠣᠯᠠᠨ ᠲᠦᠮᠡᠨ ᠤ ᠵᠢᠭᠡᠯᠡᠯᠭᠡ ᠶᠢ ᠬᠢᠨᠠᠨ ᠵᠥᠪᠰᠢᠶᠡᠷᠡᠬᠦ᠂ ᠭᠡᠷ᠎ᠡ ᠲᠣᠭᠲᠠᠬᠤ ᠪᠠ ᠲᠣᠭᠲᠠᠮᠠᠯ | ᠬᠥᠷᠥᠩᠭᠡ ᠶᠢᠨ ᠪᠠᠷᠢᠴᠠᠭ᠎ᠠ ᠬᠢᠬᠦ ᠳᠠᠩᠰᠠᠯᠠᠯᠲᠠ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠲᠥᠬᠦᠮ | ᠦᠵᠡᠭᠦᠯᠵᠦ᠂ ᠪᠠᠷᠢᠴᠠᠭ᠎ᠠ ᠬᠢᠬᠦ ᠳᠠᠩᠰᠠᠯᠠᠯᠲᠠ ᠬᠢᠬᠦ ᠳᠤ ᠵᠣᠯᠭᠠᠭᠤᠯᠬᠤ ᠦᠭᠡᠢ ᠪᠠᠷ ᠭᠦᠢᠴᠡᠳᠬᠡᠬᠦ ᠶᠢ ᠪᠡᠶᠡᠯᠡᠭᠦᠯᠪᠡ᠃ | ᠣᠯᠠᠨ ᠶᠠᠩᠵᠤ ᠶᠢᠨ ᠬᠠᠮᠲᠤᠯᠢᠭ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠴᠢᠬᠤᠯᠠ ᠶᠡᠭᠡ ᠲᠥᠷᠥᠯ | ᠵᠦᠢᠯ ᠰᠠᠭᠠᠳ ᠦᠭᠡᠢ ᠨᠡᠪᠲᠡᠷᠡᠬᠦ ᠵᠠᠮ᠂ ᠦᠢᠯᠡᠴᠢᠯᠡᠬᠦ ᠴᠠᠭ ᠢᠶᠠᠨ ᠬᠤᠶᠢᠰᠢᠯᠠᠭᠤᠯᠬᠤ᠂ ᠪᠣᠯᠵᠣᠬᠤ ᠦᠢᠯᠡᠴᠢᠯᠡᠭᠡ | ᠬᠢᠬᠦ᠂ ᠭᠡᠷ ᠲᠤᠨᠢ ᠬᠦᠷᠴᠦ ᠦᠢᠯᠡᠴᠢᠯᠡᠬᠦ ᠵᠡᠷᠭᠡ ᠳᠣᠲᠣᠨᠣ ᠦᠢᠯᠡᠴᠢᠯᠡᠭᠡ ᠦᠷᠨᠢᠭᠦᠯᠪᠡ᠃ ᠡᠭᠦᠨ ᠤ ᠵᠡᠷᠭᠡ ᠪᠠᠷ | ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠭᠠᠵᠠᠷ ᠤᠨ ᠡᠷᠬᠡ ᠶᠢ ᠨᠤᠲᠠᠯᠠᠬᠤ ᠦᠨᠡᠮᠯᠡᠯ ᠠᠪᠬᠤ ᠳᠤ ᠲᠥᠬᠦᠮ | ᠦᠵᠡᠭᠦᠯᠬᠦ ᠶᠢᠨ ᠲᠥᠯᠥᠭᠡ᠂ ᠬᠡᠷᠡᠭᠰᠡᠬᠦ ᠮᠠᠲ᠋ᠧᠷᠢᠶᠠᠯ ᠢᠶᠠᠨ ᠪᠠᠶᠢᠭ᠎ᠠ ᠭᠠᠵᠠᠷ ᠤᠨ ᠢᠶᠠᠨ ᠪᠠᠶᠢᠭᠠᠯᠢ ᠶᠢᠨ ᠡᠬᠢ | ᠪᠠᠶᠠᠯᠢᠭ ᠤᠨ ᠭᠠᠵᠠᠷ ᠲᠤ ᠲᠤᠰᠢᠶᠠᠵᠤ᠂ ᠦᠢᠯᠡᠴᠢᠯᠡᠭᠡᠨ ᠤ ᠲᠢᠩᠬᠢᠮ ᠳᠤ ᠣᠴᠢᠬᠤ ᠦᠭᠡᠢ ᠪᠠᠷ ᠳᠠᠷᠤᠢ ᠦᠨᠡᠮᠯᠡᠯ | ᠠᠪᠬᠤ ᠪᠣᠯᠪᠠ᠂ ᠣᠯᠠᠨ ᠵᠦᠢᠯ ᠤᠨ ᠦᠢᠯᠡᠴᠢᠯᠡᠭᠡᠨ ᠤ ᠠᠭᠤᠯᠭ᠎ᠠ ᠨᠢ ᠦᠨᠡᠨᠬᠦ ᠠᠷᠠᠳ ᠣᠯᠠᠨ ᠤ ᠲᠣᠭᠲᠠᠮᠠᠯ | ᠬᠥᠷᠥᠩᠭᠡ ᠶᠢᠨ ᠳᠠᠩᠰᠠᠯᠠᠯᠲᠠ ᠬᠢᠬᠦ ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂ | ᠠᠷᠠᠳ ᠲᠤ ᠦᠢᠯᠡᠴᠢᠯᠡᠬᠦ ᠣᠶᠢᠯᠠᠭᠠᠭᠳᠠᠬᠤᠨ ᠢ ᠮᠡᠳᠡᠷᠡᠭᠦᠯᠪᠡ᠃ ᠡᠨᠡ ᠵᠢᠯ᠂ ᠨᠡᠶᠢᠲᠡ 7021 ᠬᠤᠪᠢ | ᠲᠤᠬᠠᠶᠢᠯᠠᠭᠰᠠᠨ ᠠᠵᠢᠯ ᠢ ᠡᠷᠭᠢᠯᠡᠨ ᠳᠠᠭᠤᠰᠬᠠᠵᠤ᠂ 130 ᠤᠳᠠᠭ᠎ᠠ ᠭᠡᠷ ᠲᠤᠨᠢ ᠬᠦᠷᠴᠦ ᠦᠢᠯᠡᠴᠢᠯᠡᠭᠡ ᠬᠠᠩᠭᠠᠵᠤ | ᠂ 180 ᠭᠠᠷᠤᠢ ᠤᠳᠠᠭ᠎ᠠ ᠡᠷᠦᠬᠡ ᠳᠤ ᠣᠷᠣᠵᠤ ᠡᠷᠬᠡ ᠶᠢᠨ ᠬᠠᠷᠢᠶ᠎ᠠ ᠶᠢᠨ ᠪᠠᠶᠢᠴᠠᠭᠠᠯᠲᠠ ᠬᠢᠪᠡ᠃ | | | | ᠲᠦᠷᠭᠡᠨ ᠫᠠᠶ ᠶᠢ ᠰᠠᠢᠲᠤᠷ ᠲᠠᠯᠪᠢᠵᠤ᠂ ᠲᠤᠬᠠᠶᠢᠯᠠᠭᠰᠠᠨ ᠠᠵᠢᠯ ᠭᠦᠢᠴᠡᠳᠭᠡᠬᠦ ᠳᠤ ᠤᠳᠠᠭᠠᠨ ᠪᠠᠶᠢᠭᠰᠠᠨ ᠠᠴᠠ | ᠲᠦᠷᠭᠡᠨ ᠪᠣᠯᠬᠤ ᠶᠢ ᠪᠡᠶᠡᠯᠡᠭᠦᠯᠪᠡ᠃ ᠲᠡᠷᠢᠭᠦᠨ ᠤ ᠲᠠᠢ ᠬᠠᠷᠢᠴᠠᠭᠤᠯᠵᠤ᠂ ᠬᠢᠨᠠᠨ ᠪᠠᠶᠢᠴᠠᠭᠠᠬᠤ ᠲᠠᠰ ᠳᠠᠷᠠᠭᠠᠯᠠᠯ ᠢ | ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠳᠥᠭᠦᠮᠴᠢᠯᠡᠬᠦ ᠪᠠ | ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠬᠦ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ | ᠲᠣᠭᠲᠠᠭᠰᠠᠨ 5 ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ᠂ ᠲᠦᠩᠯᠢᠶᠣᠣ ᠬᠤᠲᠠ ᠶᠢᠨ ᠲᠣᠭᠲᠠᠭᠰᠠᠨ 3 | ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠵᠦᠢᠯ ᠢ ᠪᠣᠭᠤᠨᠢᠰᠬᠠᠭᠠᠳ ᠴᠠᠭ ᠲᠤᠬᠠᠢ ᠳᠤᠨᠢ ᠭᠦᠢᠴᠡᠳᠬᠡᠬᠦ | ᠪᠣᠯᠭᠠᠵᠤ᠂ ︽ ᠵᠠᠷᠣᠳ ᠤᠨ ᠬᠤᠷᠳᠤᠴᠠ︾ ᠶᠢ ᠦᠵᠡᠭᠦᠯᠪᠡ᠃ ᠲᠣᠭᠲᠠᠮᠠᠯ ᠬᠥᠷᠥᠩᠭᠡ ᠶᠢ ᠳᠠᠩᠰᠠᠯᠠᠬᠤ | ᠲᠤᠬᠠᠶᠢᠯᠠᠭᠰᠠᠨ ᠠᠵᠢᠯ ᠤᠨ ᠬᠢᠨᠠᠨ ᠬᠠᠷᠭᠤᠭᠤᠯᠬᠤ ᠳᠤᠭᠤᠶᠢᠯᠠᠩ ᠪᠠᠶᠢᠭᠤᠯᠵᠤ᠂ ᠲᠣᠭᠲᠠᠮᠠᠯ ᠬᠥᠷᠥᠩᠭᠡ ᠶᠢᠨ | ᠳᠠᠩᠰᠠᠯᠠᠯᠲᠠ ᠶᠢᠨ ᠲᠥᠷᠥᠯ ᠬᠡᠯᠪᠡᠷᠢ ᠳᠤ ᠨᠢᠭᠡ ᠤᠳᠠᠭ᠎ᠠ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ | ᠡᠭᠦᠨ ᠤ ᠰᠠᠭᠤᠷᠢᠨ ᠳᠡᠭᠡᠷ᠎ᠡ ᠳᠠᠩᠰᠠᠯᠠᠬᠤ ᠭᠥᠯᠢᠶᠡᠨ ᠠᠪᠴᠤ ᠰᠢᠢᠳᠪᠦᠷᠢᠯᠡᠬᠦ ᠮᠠᠲ᠋ᠧᠷᠢᠶᠠᠯ ᠢ ᠴᠣᠮᠬᠠᠳᠬᠠᠨ᠂ | ᠲᠣᠭᠲᠠᠮᠠᠯ ᠬᠥᠷᠥᠩᠭᠡ ᠶᠢᠨ ᠳᠠᠩᠰᠠᠯᠠᠯᠲᠠ ᠶᠢᠨ ᠣᠷᠤᠭ ᠤᠨ ᠬᠠᠷᠢᠴᠠᠭ᠎ᠠ ᠵᠡᠷᠭᠡ ᠠᠭᠤᠯᠭ᠎ᠠ ᠶᠢᠨ ᠬᠢᠨᠠᠨ | ᠪᠠᠶᠢᠴᠠᠭᠠᠯᠲᠠ ᠶᠢ ᠰᠢᠯᠢᠳᠡᠭᠵᠢᠭᠦᠯᠵᠦ᠂ ᠭᠦᠢᠴᠡᠳᠬᠡᠬᠦ ᠴᠠᠭ ᠬᠤᠭᠤᠴᠠᠭ᠎ᠠ ᠶᠢ ᠶᠡᠭᠡ ᠪᠠᠷ ᠪᠣᠭᠤᠨᠢᠰᠬᠠᠪᠠ᠃ | ᠥᠪᠡᠷᠲᠡᠭᠡᠨ ᠵᠠᠰᠠᠬᠤ ᠣᠷᠣᠨ ᠤ ᠲᠣᠭᠲᠠᠭᠰᠠᠨ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ | ᠰᠢᠰᠲ᠋ᠧᠮ ᠤᠨ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠲᠠᠢ ᠤᠶᠠᠯᠳᠤᠭᠤᠯᠤᠨ᠂ ᠲᠤᠬᠠᠶᠢᠯᠠᠭᠰᠠᠨ | ᠠᠵᠢᠯ ᠤᠨ ᠴᠤᠪᠤᠷᠠᠯ ᠢ ᠭᠥᠯᠢᠶᠡᠨ ᠠᠪᠴᠤ ᠰᠢᠢᠳᠪᠦᠷᠢᠯᠡᠬᠦ ︱ ᠬᠢᠨᠠᠨ ᠬᠠᠷᠭᠤᠭᠤᠯᠬᠤ ︱ ᠦᠨᠡᠮᠯᠡᠯ ᠬᠡᠪᠯᠡᠬᠦ | ᠭᠤᠷᠪᠠᠨ ᠭᠤᠭᠴᠤᠭ᠎ᠠ ᠬᠦᠷᠲᠡᠯ᠎ᠡ ᠴᠣᠮᠬᠠᠳᠬᠠᠵᠤ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ | ᠶᠡᠷᠦᠩᠬᠡᠶᠢᠯᠡᠭᠰᠡᠨ ᠴᠣᠩᠬᠤᠪᠴᠢ ᠳᠤ ᠭᠦᠢᠴᠡᠳᠬᠡᠬᠦ ᠭᠠᠷᠳᠠᠮ ᠢᠶᠠᠨ ᠨᠢᠭᠡ ᠯᠡ ᠤᠳᠠᠭ᠎ᠠ ᠲᠤᠰᠢᠶᠠᠪᠠᠯ ᠳᠠᠷᠤᠢ | ᠭᠦᠢᠴᠡᠳᠬᠡᠬᠦ ᠶᠢ ᠪᠡᠶᠡᠯᠡᠭᠦᠯᠵᠦ ᠪᠣᠯᠪᠠ᠃ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠲᠣᠭᠲᠠᠮᠠᠯ ᠬᠥᠷᠥᠩᠭᠡ ᠶᠢᠨ | ᠡᠷᠬᠡ ᠶᠢᠨ ᠬᠠᠷᠢᠶᠠᠯᠠᠯ ᠤᠨ ᠦᠨᠡᠮᠯᠡᠯ ᠳᠠᠷᠣᠮᠠᠯᠯᠠᠬᠤ ᠨᠢᠭᠡ ᠴᠣᠭᠴᠠᠲᠤ ᠮᠠᠰᠢᠨ ᠲᠣᠬᠢᠷᠠᠭᠤᠯᠵᠤ᠂ ᠣᠴᠢᠷ ᠶᠠᠪᠣᠳᠠᠯ | ᠭᠦᠢᠴᠡᠳᠭᠡᠭᠴᠢ ᠰᠦᠢᠳᠬᠡᠯ ᠢᠶᠠᠨ ᠲᠤᠰᠢᠶᠠᠭᠰᠠᠨ ᠤ ᠳᠠᠷᠠᠭ᠎ᠠ ᠴᠠᠭ ᠲᠤᠬᠠᠢ ᠳᠤᠨᠢ ᠥᠪᠡᠷᠲᠡᠭᠡᠨ ᠦᠨᠡᠮᠯᠡᠯ ᠠᠪᠬᠤ | ᠮᠠᠰᠢᠨ ᠳᠡᠭᠡᠷ᠎ᠡ ᠪᠡᠶ᠎ᠡ ᠶᠢᠨ ᠦᠨᠡᠮᠯᠡᠯ ᠢᠶᠠᠨ ᠰᠢᠷᠪᠢᠪᠡᠯ ᠥᠮᠴᠢᠯᠡᠬᠦ ᠡᠷᠬᠡ ᠶᠢᠨ ᠦᠨᠡᠮᠯᠡᠯ ᠢᠶᠠᠨ ᠠᠪᠴᠤ᠂ ᠲᠡᠷᠡ | ᠳᠣᠣᠷ᠎ᠠ ᠨᠢ ᠠᠪᠬᠤ ᠶᠢ ᠪᠡᠶᠡᠯᠡᠭᠦᠯᠪᠡ᠃ ᠡᠭᠦᠨ ᠤ ᠵᠡᠷᠭᠡ ᠳᠤ ᠲᠣᠭᠲᠠᠮᠠᠯ ᠬᠥᠷᠥᠩᠭᠡ ᠶᠢᠨ ᠳᠠᠩᠰᠠᠯᠠᠯᠲᠠ ᠶᠢᠨ | ᠮᠡᠳᠡᠭᠡ ᠵᠠᠩᠭᠢ ᠥᠪᠡᠰᠦᠪᠡᠨ ᠪᠠᠶᠢᠴᠠᠭᠠᠨ ᠯᠠᠪᠯᠠᠬᠤ ᠮᠠᠰᠢᠨ ᠲᠣᠬᠢᠷᠠᠭᠤᠯᠵᠤ᠂ ᠭᠤᠶᠤᠴᠢᠯᠠᠭᠴᠢ ᠠᠴᠠ ᠥᠪᠡᠷ ᠤᠨ | ᠪᠡᠶ᠎ᠡ ᠶᠢᠨ ᠦᠨᠡᠮᠯᠡᠯ ᠢᠶᠠᠷ ᠢᠶᠠᠨ ᠲᠣᠭᠲᠠᠮᠠᠯ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠪᠠᠶᠢᠴᠠᠭᠠᠨ | ᠯᠠᠪᠯᠠᠬᠤ ᠶᠢᠨ ᠬᠠᠮᠲᠤ ᠪᠠᠶᠢᠴᠠᠭᠠᠨ ᠯᠠᠪᠯᠠᠭᠰᠠᠨ ᠦᠷ᠎ᠡ ᠳ᠋ᠦᠩ ᠢᠶᠠᠨ ᠳᠠᠷᠣᠮᠠᠯᠯᠠᠨ ᠠᠪᠴᠤ ᠪᠣᠯᠣᠨ᠎ᠠ᠂ ᠠᠷᠠᠳ | ᠢᠷᠭᠡᠳ ᠲᠤ ᠲᠣᠭᠲᠠᠮᠠᠯ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ 1 ᠮᠢᠨᠦ᠋ᠲ ᠤᠨ ᠳᠣᠲᠣᠷ᠎ᠠ | ᠮᠡᠳᠡᠭᠦᠯᠵᠦ᠂ ᠲᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ | ᠣᠯᠠᠮ ᠨᠢᠭᠡ ᠠᠯᠬᠤᠮ ᠳᠡᠭᠡᠭᠰᠢᠯᠡᠭᠦᠯᠪᠡ᠃ ᠣᠳᠣᠬᠠᠨ ᠳᠤ ᠲᠣᠭᠲᠠᠮᠠᠯ ᠬᠥᠷᠥᠩᠭᠡ ᠶᠢᠨ ᠳᠠᠩᠰᠠᠯᠠᠯᠲᠠ ᠶᠢᠨ ᠲᠥᠪ | ᠡᠳᠦᠷ ᠪᠦᠷᠢ ᠳᠤᠮᠳᠠᠴᠢ ᠪᠠᠷ 60 ᠦᠨᠡᠮᠯᠡᠯ ᠢ ᠡᠷᠬᠢᠯᠡᠨ ᠭᠦᠢᠴᠡᠳᠭᠡᠵᠦ᠂ ᠬᠠᠮᠤᠭ ᠤᠨ ᠥᠨᠳᠥᠷ ᠲᠡᠭᠡᠨ ᠨᠢᠭᠡ | ᠡᠳᠦᠷ ᠲᠤ 107 ᠦᠨᠡᠮᠯᠡᠯ ᠢ ᠡᠷᠬᠢᠯᠡᠨ ᠭᠦᠢᠴᠡᠳᠭᠡᠪᠡ᠃ | | | | | ᠥᠨᠳᠥᠷ ᠪᠦᠲᠦᠮᠵᠢᠲᠡᠶ ᠫᠠᠢ ᠶᠢ ᠰᠠᠶᠢᠲᠤᠷ ᠲᠠᠯᠪᠢᠵᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠬᠦᠴᠢᠷ | ᠪᠠᠶᠢᠭᠰᠠᠨ ᠠᠴᠠ ᠬᠢᠯᠪᠠᠷ ᠪᠣᠯᠬᠤ ᠶᠢ ᠪᠡᠶᠡᠯᠡᠭᠦᠯᠪᠡ᠃ ︽ᠥᠨᠳᠥᠷ ᠪᠦᠲᠦᠮᠵᠢᠲᠡᠶ ᠠᠷᠠᠳ ᠲᠤ ᠳᠥᠭᠦᠮ ᠦᠵᠡᠭᠦᠯᠬᠦ᠂ | ᠦᠢᠯᠡᠴᠢᠯᠡᠭᠡ ᠶᠢ ᠳᠡᠭᠡᠳᠦᠯᠡᠬᠦ︾ ᠦᠢᠯᠡᠴᠢᠯᠡᠭᠡᠨ ᠤ ᠵᠣᠷᠢᠯᠲᠠ ᠶᠢ ᠪᠠᠷᠢᠮᠲᠠᠯᠠᠵᠤ᠂ ︽ᠣᠷᠣᠭᠤᠯᠪᠠᠯ ᠵᠣᠬᠢᠪᠠᠰᠤ | ᠪᠦᠬᠦᠨ ᠢ ᠣᠷᠣᠭᠤᠯᠬᠤ︾ ᠵᠠᠷᠴᠢᠮ ᠤᠨ ᠶᠣᠰᠣᠭᠠᠷ᠂ ᠬᠤᠰᠢᠭᠤᠨ ᠤ ᠲᠣᠭᠲᠠᠮᠠᠯ ᠬᠥᠷᠥᠩᠭᠡ ᠶᠢᠨ | ᠳᠠᠩᠰᠠᠯᠠᠯᠲᠠ ᠶᠢᠨ ᠲᠥᠪ ᠨᠢ ᠵᠠᠰᠠᠭ ᠵᠠᠬᠢᠷᠭᠠᠨ ᠤ ᠨᠤᠲᠠᠯᠠᠬᠤ ᠵᠦᠢᠯᠡᠰ ᠤᠨ ᠲᠥᠷᠥᠯ ᠢᠯᠭᠠᠯ ᠢᠶᠠᠷ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠵᠤ᠂ ᠳᠠᠩᠰᠠᠯᠠᠬᠤ ᠠᠵᠢᠯ ᠤᠨ ᠬᠢᠨᠠᠨ ᠬᠠᠷᠭᠤᠭᠤᠯᠬᠤ | ᠳᠤᠭᠤᠶᠢᠯᠠᠩ ᠬᠢᠨ ᠪᠦᠭᠦᠳᠡᠭᠡᠷ ᠢᠶᠠᠷ ᠢᠶᠠᠨ ᠵᠠᠰᠠᠭ ᠤᠨ ᠶᠠᠪᠤᠳᠠᠯ ᠤᠨ ᠲᠢᠩᠬᠢᠮ ᠳᠤ ᠣᠷᠣᠵᠤ᠂ 8 ᠲᠣᠭᠲᠠᠮᠠᠯ | ᠬᠥᠷᠥᠩᠭᠡ ᠶᠢᠨ ᠳᠠᠩᠰᠠᠯᠠᠯᠲᠠ ᠶᠢᠨ ᠴᠣᠩᠬᠤᠪᠴᠢ ᠲᠣᠬᠢᠷᠠᠭᠤᠯᠬᠤ ᠶᠢᠨ ᠬᠠᠮᠲᠤ ᠠᠷᠠᠯᠵᠢᠶᠠᠯᠠᠬᠤ ᠴᠣᠩᠬᠤᠪᠴᠢ 1᠂ | ᠭᠠᠶᠢᠯᠢ ᠶᠢᠨ ᠶᠠᠪᠤᠳᠠᠯ ᠤᠨ ᠴᠣᠩᠬᠤᠪᠴᠢ 4 ᠲᠣᠬᠢᠷᠠᠭᠤᠯᠵᠤ᠂ 2021 ᠣᠨ ᠤ ᠡᠴᠦᠰ ᠲᠤ ᠥᠪᠡᠷᠲᠡᠭᠡᠨ ᠵᠠᠰᠠᠬᠤ | ᠣᠷᠣᠨ ᠤ ᠨᠢᠭᠡ ᠴᠣᠩᠬᠤᠪᠴᠢ ᠶᠢᠨ ᠰᠢᠰᠲ᠋ᠧᠮ ᠳᠤ ᠵᠠᠯᠭᠠᠨ ᠣᠷᠣᠭᠤᠯᠵᠤ᠂ ᠲᠣᠭᠲᠠᠮᠠᠯ ᠬᠥᠷᠥᠩᠭᠡ ᠶᠢᠨ ᠠᠷᠠᠯᠵᠢᠶ᠎ᠠ᠂ | ᠭᠠᠶᠢᠯᠢ ᠲᠠᠲᠠᠪᠤᠷᠢ᠂ ᠳᠠᠩᠰᠠᠯᠠᠬᠤ ᠶᠢ ᠨᠢᠭᠡ ᠴᠣᠭᠴᠠᠵᠢᠯᠲᠠ ᠶᠢ ᠪᠡᠶᠡᠯᠡᠭᠦᠯᠪᠡ᠃ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠠᠢ ᠢᠳᠡᠪᠬᠢᠲᠡᠢ ᠬᠠᠮᠵᠢᠯᠴᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠭᠡᠬᠦ︾ ᠶᠢ ᠠᠬᠢᠭᠤᠯᠵᠤ᠂ ᠲᠣᠭᠲᠠᠮᠠᠯ ᠬᠥᠷᠥᠩᠭᠡ ᠶᠢᠨ ᠳᠠᠩᠰᠠᠯᠠᠬᠤ | ᠲᠤᠬᠠᠶᠢᠯᠠᠭᠰᠠᠨ ᠠᠵᠢᠯ ᠤᠨ ᠵᠦᠢᠯᠡᠰ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠠᠩᠰᠠᠯᠠᠯᠲᠠ ᠶᠢᠨ | ᠲᠠᠪᠴᠠᠩ ᠳᠤ ᠣᠷᠣᠭᠤᠯᠵᠤ᠂ ᠲᠣᠭᠲᠠᠮᠠᠯ ᠬᠥᠷᠥᠩᠭᠡ ᠳᠠᠩᠰᠠᠯᠠᠭᠰᠠᠨ ᠡᠯᠧᠺᠲᠷᠣᠨ ᠦᠨᠡᠮᠯᠡᠯ ᠬᠠᠷᠢᠯᠴᠠᠨ | ᠮᠡᠳᠡᠷᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ | ᠬᠤᠷᠣᠮᠠᠯ ᠬᠠᠮᠲᠤ ᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠦᠨ ᠥᠭᠡᠷᠡᠴᠢᠯᠡᠬᠦ ᠶᠢ | ᠲᠠᠰᠤᠷᠠᠯᠲᠠ ᠦᠭᠡᠢ ᠴᠢᠩᠭᠠᠳᠬᠠᠵᠤ᠂ ᠨᠢᠭᠲᠠ ᠬᠤᠯᠪᠣᠯᠳᠤᠭᠰᠠᠨ᠂ ᠥᠨᠳᠥᠷ ᠪᠦᠲᠦᠮᠵᠢᠲᠡᠶ ᠪᠠᠷ ᠠᠵᠢᠯᠯᠠᠬᠤ ︽ | ᠭᠢᠨᠵᠢ ᠮᠠᠶ᠋ᠢᠭ︾ ᠤᠨ ᠠᠵᠢᠯ ᠤᠨ ᠲᠣᠭᠲᠠᠴᠠ ᠶᠢ ᠪᠣᠶ ᠪᠣᠯᠭᠠᠪᠠ᠃ ᠥᠪ ᠵᠠᠯᠭᠠᠮᠵᠢᠯᠠᠬᠤ ᠳᠤ ᠭᠡᠷᠡᠴᠢ ᠠᠪᠬᠤ ᠳᠤ | ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪ ᠵᠠᠯᠭᠠᠮᠵᠢᠯᠠᠬᠤ ᠲᠥᠷᠥᠯ ᠤᠨ ᠲᠣᠭᠲᠠᠮᠠᠯ | ᠬᠥᠷᠥᠩᠭᠡ ᠶᠢᠨ ᠳᠠᠩᠰᠠᠯᠠᠯ ᠬᠢᠬᠦ ᠳᠤ ︽ᠥᠪ ᠵᠠᠯᠭᠠᠮᠵᠢᠯᠠᠭᠴᠢ ᠠᠴᠠ ︵ᠥᠪ ᠬᠦᠷᠲᠡᠭᠰᠡᠨ︶ ᠠᠮᠠᠯᠠᠯᠲᠠ ᠬᠢᠬᠦ | ᠳᠦᠷᠢᠮ ᠢ ᠭᠦᠢᠴᠡᠳᠭᠡᠬᠦ︾ ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ | ᠥᠪ ᠵᠠᠯᠭᠠᠮᠵᠢᠯᠠᠭᠴᠢ ︵ᠥᠪ ᠬᠦᠷᠲᠡᠭᠴᠢ︶ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠲᠠᠪᠴᠠᠩ ᠳᠤ | 15 ᠡᠳᠦᠷ ᠢᠯᠡ ᠪᠠᠷ ᠠᠮᠠᠯᠳᠠᠪᠠᠯ ᠳᠠᠷᠤᠢ ᠭᠦᠢᠴᠡᠳᠬᠡᠬᠦ ᠪᠣᠯᠪᠠ᠂ ᠠᠮᠠᠯᠠᠯᠲᠠ ᠪᠠᠷ ᠭᠡᠷᠡᠴᠢ ᠶᠢ ᠣᠷᠣᠯᠠᠭᠤᠯᠵᠤ᠂ | ᠥᠪ ᠵᠠᠯᠭᠠᠮᠵᠢᠯᠠᠭᠴᠢ ︵ᠥᠪ ᠬᠦᠷᠲᠡᠭᠴᠢ︶ ᠶᠢᠨ ᠭᠦᠢᠴᠡᠳᠬᠡᠬᠦ ᠥᠪᠡᠷ ᠤᠨ ᠥᠷᠲᠡᠭ ᠪᠠ ᠳᠠᠷᠤᠭᠠᠰᠤ ᠶᠢ | ᠪᠦᠲᠦᠮᠵᠢᠲᠡᠶ ᠪᠠᠭᠤᠷᠠᠭᠤᠯᠪᠠ᠂ ᠣᠳᠣᠬᠠᠨ ᠳᠤ ᠵᠠᠷᠤᠳ ᠬᠤᠰᠢᠭᠤ ᠪᠣᠯ ᠲᠦᠩᠯᠢᠶᠣᠣ ᠬᠤᠲᠠ ᠶᠢᠨ ᠴᠣᠷ ᠤᠨ | ᠭᠠᠭᠴᠠ ᠲᠣᠰ ᠵᠠᠭᠪᠤᠷ ᠢ ᠬᠡᠷᠡᠭᠵᠢᠭᠦᠯᠵᠦ ᠪᠠᠶᠢᠭ᠎ᠠ ᠬᠤᠰᠢᠭᠤ ᠰᠢᠶᠠᠨ ᠪᠣᠯᠣᠨ᠎ᠠ᠃ | |