| 7 ᠰᠠᠷ᠎ᠠ ᠶᠢᠨ 4 ᠤ ᠡᠳᠦᠷ᠂ ᠰᠢᠶᠠᠩᠱᠠᠨ ᠪᠠᠯᠭᠠᠰᠤ ︽ᠲᠣᠰᠬᠤᠨ ᠪᠠ ᠲᠣᠰᠬᠤᠨ ᠬᠤᠯᠪᠣᠭᠠᠯᠠᠨ ᠪᠠᠶᠢᠭᠤᠯᠬᠤ︾ | ᠠᠵᠢᠯ ᠢ ᠲᠦᠯᠬᠢᠨ ᠠᠬᠢᠭᠤᠯᠬᠤ ᠬᠤᠷᠠᠯ ᠬᠢᠪᠡ᠃ ᠬᠤᠷᠠᠯ ᠠᠴᠠ 6 ᠰᠠᠷ᠎ᠠ ᠶᠢᠨ ︽ᠲᠣᠰᠬᠤᠨ ᠲᠣᠰᠬᠤᠨ | ᠬᠤᠯᠪᠤᠭᠠᠯᠠᠨ ᠪᠠᠶᠢᠭᠤᠯᠬᠤ︾ ᠠᠵᠢᠯ ᠤᠨ ᠪᠠᠶᠢᠳᠠᠯ ᠢ ᠳ᠋ᠦᠩᠨᠡᠵᠦ᠂ ᠵᠢᠴᠢ ᠡᠯ᠎ᠡ ᠬᠤᠯᠪᠣᠭ᠎ᠠ ᠶᠢᠨ ᠬᠢᠨ ᠤ | ᠠᠵᠢᠯ ᠢᠶᠠᠨ ᠠᠬᠢᠭᠤᠯᠬᠤ ᠳᠤᠮᠳᠠᠬᠢ ᠵᠠᠷᠢᠮ ᠨᠡᠶᠢᠲᠡᠯᠢᠭ ᠠᠷᠭ᠎ᠠ ᠬᠢᠳᠡᠯ ᠢ ᠨᠤᠲᠠᠯᠠᠭᠰᠠᠨ ᠪᠥᠭᠡᠳ ᠣᠷᠣᠰᠢᠵᠤ | ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠴᠤ ᠵᠢᠭᠠᠵᠤ ᠭᠠᠷᠭᠠᠪᠠ᠃ ᠬᠤᠷᠠᠯ ᠠᠴᠠ᠂ ︽ᠲᠣᠰᠬᠤᠨ | ᠪᠠ ᠲᠣᠰᠬᠤᠨ ᠬᠤᠯᠪᠤᠭᠠᠯᠠᠨ ᠪᠠᠶᠢᠭᠤᠯᠬᠤ︾ ᠠᠵᠢᠯ ᠤᠨ ᠳᠣᠮᠲᠠ ᠬᠠᠷᠢᠯᠴᠠᠨ ᠲᠣᠯᠢᠳᠠᠬᠤ᠂ ᠬᠠᠷᠢᠯᠴᠠᠨ | ᠰᠤᠷᠤᠯᠴᠠᠬᠤ᠂ ᠬᠠᠷᠢᠯᠴᠠᠨ ᠠᠵᠢᠭᠯᠠᠬᠤ ᠪᠠᠷ ᠦᠨᠳᠦᠰᠦᠨ ᠠᠷᠭ᠎ᠠ ᠬᠡᠯᠪᠡᠷᠢ ᠪᠣᠯᠭᠠᠵᠤ᠂ ᠰᠡᠳᠬᠢᠴᠡ ᠠᠷᠭ᠎ᠠ | ᠬᠡᠮᠵᠢᠶ᠎ᠡ ᠶᠢᠨ ᠰᠢᠨ᠎ᠡ ᠶᠢ ᠡᠭᠦᠳᠴᠦ᠂ ᠪᠣᠳᠠᠲᠠᠢ ᠠᠵᠢᠯ ᠢ ᠠᠬᠢᠭᠤᠯᠬᠤ ᠪᠤᠶᠤ ᠠᠵᠤ ᠦᠢᠯᠡᠰ ᠢ ᠬᠥᠭᠵᠢᠭᠦᠯᠬᠦ | ᠦᠶ᠎ᠡ ᠳᠤ ᠴᠡᠭ ᠢ ᠬᠡᠯᠬᠢᠵᠦ ᠱᠣᠭᠤᠮ ᠪᠣᠯᠭᠠᠨ᠂ ᠱᠤᠭᠤᠮ ᠢ ᠬᠤᠯᠪᠣᠵᠤ ᠬᠡᠰᠡᠭ ᠪᠣᠯᠭᠠᠨ᠂ ᠬᠡᠰᠡᠭ ᠢ ᠬᠤᠯᠪᠣᠵᠤ | ᠬᠠᠪᠲᠠᠭᠠᠢ ᠪᠣᠯᠭᠠᠨ ᠳᠠᠶᠢᠴᠢᠯᠠᠬᠤ ᠦᠷ᠎ᠡ ᠪᠦᠲᠦᠮᠵᠢ ᠶᠢ ᠪᠤᠢ ᠪᠣᠯᠭᠠᠵᠤ᠂ ︽ᠲᠣᠰᠬᠤᠨ ᠪᠠ ᠲᠣᠰᠬᠤᠨ | ᠬᠤᠯᠪᠤᠭᠠᠯᠠᠨ ᠪᠠᠶᠢᠭᠤᠯᠬᠤ︾ ᠠᠵᠢᠯ ᠢ ᠦᠨᠡᠨᠬᠦ ᠪᠣᠳᠠᠲᠠᠢ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | | | |