| ᠣᠶᠢᠷ᠎ᠠ ᠶᠢᠨ ᠵᠢᠯ ᠠᠴᠠ ᠨᠠᠰᠢ᠂ ᠵᠠᠷᠤᠳ ᠬᠤᠰᠢᠭᠤᠨ ᠤ ᠯᠦᠪᠧᠢ ᠪᠠᠯᠭᠠᠰᠤ ᠶᠢᠨ ᡁᠢ ᠹᠦ᠋ ᠲᠦᠨ ᠲᠣᠰᠬᠤᠨ ᠤ | ᠠᠷᠠᠳ ᠱᠧᠨ ᠺᠦᠢ ᠸᠧᠢ ᠤᠢ ᠶᠢᠨ ᠳᠣᠲᠣᠷᠠᠬᠢ ᠭᠠᠵᠠᠷ ᠰᠢᠷᠣᠢ ᠶᠢᠨ ᠡᠬᠢ ᠪᠠᠶᠠᠯᠢᠭ ᠪᠣᠯᠣᠨ ᠤᠢ ᠮᠣᠳᠣᠨ ᠤ | ᠰᠡᠭᠦᠳᠡᠷ ᠢ ᠭᠦᠢᠴᠡᠳ ᠠᠰᠢᠭᠯᠠᠵᠤ᠂ ᠤᠢ ᠶᠢᠨ ᠳᠣᠲᠣᠷ᠎ᠠ ᠪᠠᠨ ᠠᠵᠤ ᠠᠬᠤᠢ ᠶᠢᠨ ᠲᠠᠷᠢᠮᠠᠯ ᠲᠠᠷᠢᠵᠤ᠂ | ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢᠶᠠᠨ ᠥᠷᠭᠡᠳᠬᠡᠵᠦ᠂ ᠲᠠᠷᠢᠶᠠᠯᠠᠩ ᠤᠢ ᠰᠢᠭᠤᠢ ᠶᠢᠨ ᠡᠬᠢ ᠪᠠᠶᠠᠯᠢᠭ ᠢ | ᠬᠠᠮᠲᠤᠪᠠᠷ ᠡᠳ᠋ᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂ ᠪᠣᠬᠢᠷᠳᠤᠯ ᠦᠭᠡᠢ | ᠬᠥᠭᠵᠢᠯᠲᠡ ᠶᠢᠨ ᠵᠠᠮ ᠢ ᠳᠡᠪᠢᠰᠦᠭᠰᠡᠨ ᠪᠠᠶᠢᠨ᠎ᠠ᠃ | | | | ᠣᠳᠣᠬᠠᠨ ᠳᠤ ᠶᠠᠭ ᠰᠠᠶᠢᠬᠠᠨ ᠮᠦᠭᠦ ᠶᠡᠭᠡ ᠪᠣᠯᠵᠤ ᠦᠨᠦᠷ ᠠᠮᠲᠠ ᠰᠠᠶᠢᠬᠠᠨ ᠴᠠᠭ ᠦᠶ᠎ᠡ ᠪᠠᠶᠢᠵᠤ᠂ ᠯᠦᠪᠧᠢ | ᠪᠠᠯᠭᠠᠰᠤᠨ ᠤ ᠰᠢᠶᠣᠣ ᠾᠧᠢ ᠱᠠᠨ ᠲᠣᠰᠬᠤᠨ ᠤ ᠤᠯᠢᠶᠠᠰᠤᠨ ᠮᠣᠳᠣᠨ ᠣᠶ ᠳᠤ᠂ ᠬᠦᠢᠰ ᠬᠦᠢᠰ ᠤᠯᠠᠭᠠᠨ | ᠨᠠᠷᠠᠰᠤᠨ ᠤ ᠮᠦᠭᠦ ᠭᠠᠵᠠᠷ ᠪᠣᠯᠭᠠᠨ ᠬᠠᠷᠠᠭᠳᠠᠵᠤ᠂ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠮᠡᠲᠦ ᠴᠤᠬᠤᠶᠢᠨ | ᠭᠠᠷᠴᠤ ᠢᠷᠡᠪᠡ᠃ ᠸᠠᠨ ᠦ᠋ ᠱᠧᠩ ᠢᠳᠡᠰᠢᠨ ᠮᠦᠬᠦ ᠶᠢᠨ ᠲᠠᠷᠢᠮᠠᠯ ᠤᠨ ᠲᠤᠰᠬᠠᠢ ᠬᠤᠷᠰᠢᠶ᠎ᠠ ᠶᠢᠨ ᠬᠠᠤᠯᠢ ᠶᠢᠨ | ᠲᠥᠯᠥᠭᠡᠯᠡᠭᠴᠢ ᠱᠧᠨ ᠺᠦᠢ ᠸᠧᠢ ᠠᠵᠢᠯᠴᠢᠳ ᠢᠶᠠᠨ ᠳᠠᠭᠠᠭᠤᠯᠤᠨ ᠤᠢ ᠰᠢᠭᠤᠢ ᠠᠴᠠ ᠤᠯᠠᠭᠠᠨ ᠨᠠᠷᠠᠰᠤᠨ ᠮᠦᠭᠦ | ᠲᠡᠭᠦᠵᠦ ᠪᠠᠶᠢᠪᠠ᠃ | ︽ᠲᠤᠬᠠᠢ ᠶᠢᠨ ᠦᠶ᠎ᠡ ᠳᠤ ᠤᠯᠠᠭᠠᠨ ᠨᠠᠷᠠᠰᠤᠨ ᠮᠦᠭᠦ ᠰᠤᠩᠭᠤᠨ ᠲᠠᠷᠢᠭᠰᠠᠨ ᠨᠢ ᠲᠥᠪ ᠤᠨ ᠲᠠᠷᠢᠶᠠᠯᠠᠩ ᠤᠨ | ᠰᠤᠪᠠᠭ ᠢ ᠦᠵᠡᠬᠦ ᠳᠡᠭᠡᠨ᠂ ᠤᠯᠠᠭᠠᠨ ᠨᠠᠷᠠᠰᠤᠨ ᠮᠦᠭᠦ ᠶᠢᠨ ᠳᠠᠷᠢᠬᠤ ᠦᠶᠡᠯᠡᠯ ᠤᠨ ᠬᠤᠭᠤᠴᠠᠭ᠎ᠠ ᠣᠬᠤᠷ᠂ ᠪᠡᠯᠡ | ᠣᠷᠣᠭᠤᠯᠤᠯᠲᠠ ᠪᠠᠭ᠎ᠠ᠂ ᠦᠷ᠎ᠡ ᠠᠰᠢᠭ ᠣᠯᠬᠤ ᠨᠢ ᠲᠦᠷᠭᠡᠨ᠂ ᠢᠷᠡᠭᠡᠳᠦᠢ ᠥᠷᠭᠡᠨ ᠳᠡᠯᠭᠡᠷ ᠪᠠᠶᠢᠬᠤ ᠶᠢ | ᠣᠶᠢᠯᠠᠭᠠᠭᠰᠠᠨ ᠳᠤ ᠪᠣᠢ᠂ ᠢᠩᠬᠢᠭᠡᠳ ᠪᠢ ᠱᠠᠨᠳᠦ᠋ᠩ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠣᠴᠢᠵᠤ | ᠰᠤᠷᠤᠯᠴᠠᠭᠠᠳ ᠪᠤᠴᠠᠵᠤ ᠢᠷᠡᠭᠰᠡᠨ ᠤ ᠪᠠᠨ ᠳᠠᠷᠠᠭ᠎ᠠ ᠲᠣᠷᠰᠢᠨ ᠳᠠᠷᠢᠭᠰᠠᠨ ᠶᠤᠮ︾ ᠭᠡᠵᠦ ᠱᠧᠨ ᠺᠦᠢ ᠸᠧᠢ | ᠬᠡᠯᠡᠪᠡ᠃ | | | | ᠡᠷᠳᠡᠮ ᠰᠣᠷᠣᠭᠠᠳ ᠪᠤᠴᠠᠵᠤ ᠢᠷᠡᠭᠰᠡᠨ ᠱᠧᠨ ᠺᠦᠢ ᠸᠧᠢ ᠰᠢᠶᠣᠣ ᠾᠸᠢ ᠱᠠᠨ ᠲᠣᠰᠬᠤᠨ ᠳᠤ ᠪᠠᠨ 60 ᠮᠦ | ᠤᠯᠢᠶᠠᠰᠤᠨ ᠮᠣᠳᠣᠨ ᠤ ᠤᠢ ᠶᠢ ᠳᠠᠭᠠᠭᠠᠴᠢᠯᠠᠵᠤ᠂ ᠤᠢ ᠶᠢᠨ ᠳᠣᠲᠣᠷ᠎ᠠ ᠪᠠᠨ ᠤᠯᠠᠭᠠᠨ ᠨᠠᠷᠠᠰᠤᠨ ᠮᠦᠭᠦ ᠲᠠᠷᠢᠪᠠ᠃ | ᠤᠳᠠᠭ᠎ᠠ ᠪᠦᠷᠢ ᠶᠢᠨ ᠤᠯᠠᠭᠠᠨ ᠨᠠᠷᠠᠰᠤᠨ ᠮᠦᠭᠦ ᠶᠢ ᠱᠧᠨ ᠺᠦᠢ ᠸᠧᠢ ᠪᠦᠷ ᠥᠪᠡᠷ ᠤᠨ ᠪᠡᠶ᠎ᠡ ᠪᠠᠷ ᠢᠶᠠᠨ | ᠰᠠᠭᠤᠯᠭᠠᠵᠤ᠂ ᠮᠦᠭᠦ ᠶᠢᠨ ᠬᠡᠪᠲᠡᠰᠢ ᠶᠢ ᠲᠡᠭᠰᠢᠯᠡᠨ᠂ ᠳᠤᠯᠠᠭᠠᠨ ᠤ ᠬᠡᠮᠵᠢᠶ᠎ᠡ ᠶᠢ ᠨᠢ ᠪᠠᠶᠢᠴᠠᠭᠠᠵᠤ᠂ ᠴᠢᠭᠢᠭ ᠤᠨ | ᠬᠡᠮᠵᠢᠶ᠎ᠡ ᠶᠢ ᠨᠢ ᠦᠵᠡᠵᠦ᠂ ᠥᠰᠦᠯᠲᠡ ᠶᠢ ᠨᠢ ᠠᠵᠢᠭᠯᠠᠳᠠᠭ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ | ᠤᠯᠠᠭᠠᠨ ᠨᠠᠷᠠᠰᠤᠨ ᠮᠦᠭᠦ ᠶᠢᠨ ᠤᠷᠭᠤᠯᠲᠠ ᠶᠢᠨ ᠣᠨᠴᠠᠯᠢᠭ ᠨᠢ 35 ᠭᠷᠡᠳᠦ᠋ᠰ ᠠᠴᠠ ᠬᠡᠲᠦᠷᠡᠵᠦ ᠪᠣᠯᠬᠤ ᠦᠭᠡᠢ᠂ | 35 ᠭᠷᠡᠳᠦ᠋ᠰ ᠠᠴᠠ ᠬᠡᠲᠦᠷᠡᠪᠡᠯ ᠲᠡᠭᠦᠨ ᠤ ᠤᠷᠭᠤᠯᠲᠠ ᠨᠢ ᠵᠣᠭᠰᠣᠳᠠᠭ᠂ ᠰᠢᠶᠤᠣ ᠾᠧᠢ ᠱᠠᠨ ᠲᠣᠰᠬᠤᠨ ᠤ | ᠠᠭᠠᠷ ᠤᠨ ᠳᠤᠯᠠᠭᠠᠨ ᠲᠣᠬᠢᠷᠠᠮᠵᠢᠲᠠᠢ ᠪᠠᠶᠢᠵᠤ᠂ ᠤᠯᠠᠭᠠᠨ ᠨᠠᠷᠠᠰᠤᠨ ᠮᠦᠭᠦ ᠶᠢᠨ ᠤᠷᠭᠤᠯᠲᠠ ᠳᠤ ᠣᠨᠴᠠᠭᠠᠶ | ᠲᠣᠬᠢᠷᠠᠨ᠎ᠠ ᠭᠡᠪᠡ᠃ | | | | ᠡᠨᠡ ᠬᠤᠶᠠᠷ ᠵᠢᠯ ᠤᠨ ᠠᠭᠠᠵᠢᠮ ᠢᠶᠠᠷ ᠬᠠᠶᠢᠨ ᠰᠦᠪᠡᠭᠴᠢᠯᠡᠭᠰᠡᠨ ᠢᠶᠠᠷ᠂ ᠱᠧᠨ ᠺᠦᠢ ᠸᠧᠢ ᠶᠢᠨ ᠳᠠᠷᠢᠭᠰᠠᠨ | ᠤᠯᠠᠭᠠᠨ ᠨᠠᠷᠠᠰᠤᠨ ᠮᠦᠭᠦ ᠶᠢᠨ ᠶᠠᠰᠤ ᠴᠢᠨᠠᠷ ᠨᠢ ᠤᠯᠠᠮ ᠠᠴᠠ ᠤᠯᠠᠮ ᠰᠠᠶᠢᠵᠢᠷᠠᠵᠤ᠂ ᠪᠤᠲᠠ ᠴᠣᠭᠴᠠ ᠨᠢ | ᠶᠡᠭᠡ ᠪᠠᠷ ᠪᠠᠷᠠᠬᠤ ᠦᠭᠡᠢ᠂ ᠮᠦᠭᠦ ᠶᠢᠨ ᠮᠢᠬ᠎ᠠ ᠨᠢ ᠴᠦ ᠵᠤᠵᠠᠭᠠᠨ᠂ ᠦᠷᠭᠦᠯᠵᠢ ᠬᠡᠷᠡᠭᠴᠡᠭᠡ ᠶᠢ ᠬᠠᠩᠭᠠᠵᠤ | ᠳᠡᠶᠢᠯᠬᠦ ᠦᠭᠡᠢ ᠪᠣᠯᠪᠠ᠃ ᠱᠧᠨ ᠺᠦᠢ ᠸᠧᠢ ᠲᠠᠨᠢᠯᠴᠠᠭᠤᠯᠬᠤ ᠳᠠᠭᠠᠨ᠄ ︽ᠣᠲᠣ ᠮᠠᠨ ᠤ ᠮᠦ ᠪᠦᠷᠢ ᠶᠢᠨ | ᠦᠢᠯᠡᠳᠪᠦᠷᠢᠯᠡᠬᠦ ᠴᠢᠳᠠᠪᠤᠷᠢ 5000 ᠵᠢᠩ ᠣᠷᠴᠢᠮ ᠬᠦᠷᠴᠦ᠂ ᠳᠤᠮᠳᠠᠴᠢ ᠪᠠᠷ ᠵᠢᠩ ᠪᠦᠷᠢ ᠶᠢ 5 ᠠᠴᠠ 6 | ᠲᠥᠭᠦᠷᠢᠭ ᠢᠶᠠᠷ ᠬᠤᠳᠠᠯᠳᠤᠵᠤ ᠪᠠᠶᠢᠨ᠎ᠠ᠂ ᠪᠤᠳᠤᠵᠤ ᠦᠵᠡᠪᠡᠯ ᠨᠢᠭᠡ ᠵᠢᠯ ᠳᠤ 30 ᠲᠦᠮᠡᠨ ᠲᠥᠭᠦᠷᠢᠭ ᠤᠨ | ᠣᠷᠣᠯᠭ᠎ᠠ ᠲᠠᠢ ᠪᠣᠯᠣᠨ᠎ᠠ︾ ᠭᠡᠪᠡ᠃ | ᠤᠯᠠᠭᠠᠨ ᠨᠠᠷᠠᠰᠤᠨ ᠮᠦᠭᠦ ᠪᠠᠨ ᠲᠡᠭᠦᠵᠦ ᠪᠠᠷᠠᠭᠰᠠᠨ ᠤ ᠳᠠᠷᠠᠭ᠎ᠠ᠂ ᠱᠧᠨ ᠺᠦᠢ ᠸᠧᠢ ᠠᠵᠢᠯᠴᠢᠳ ᠢᠶᠠᠨ | ᠳᠠᠭᠠᠭᠤᠯᠤᠨ ᠪᠣᠭᠤᠳᠠᠯᠯᠠᠵᠤ ᠪᠠᠷᠠᠭ᠎ᠠ ᠪᠠᠨ ᠢᠯᠡᠭᠡᠪᠡ᠃ ︽ᠳᠠᠷᠢᠵᠤ ᠭᠠᠷᠭᠠᠭᠠᠳ ᠬᠤᠳᠠᠯᠳᠤᠵᠤ ᠭᠠᠷᠬᠤ ᠦᠭᠡᠢ︾ | ᠪᠠᠶᠢᠳᠠᠯ ᠭᠠᠷᠬᠤ ᠠᠴᠠ ᠵᠠᠶᠢᠯᠠᠰᠬᠢᠬᠦ ᠶᠢᠨ ᠲᠥᠯᠥᠭᠡ᠂ ᠱᠧᠨ ᠺᠦᠢ ᠸᠧᠢ ᠠᠯᠢ ᠡᠷᠲᠡ ᠳᠠᠷᠢᠬᠤ ᠠᠴᠠ ᠪᠠᠨ | ᠡᠮᠦᠨ᠎ᠡ ᠱᠠᠩᠬᠠᠢ ᠶᠢᠨ ᠨᠢᠭᠡᠨ ᠢᠳᠡᠭᠡᠨ ᠤ ᠺᠣᠮᠫᠠᠨᠢ ᠲᠠᠢ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠣᠷᠣᠯᠭ᠎ᠠ ᠪᠠᠨ ᠨᠠᠩ | ᠪᠠᠲᠤᠯᠠᠭ᠎ᠠ ᠲᠠᠢ ᠪᠣᠯᠭᠠᠪᠠ᠃ | |