| 7 ᠰᠠᠷ᠎ᠠ ᠶᠢᠨ 3 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠭᠤᠣᠯ | ᠬᠠᠷᠢᠭᠤᠴᠠᠯᠭᠠᠲᠠᠨ ᠬᠠᠮᠲᠤ ᠶᠠᠪᠣᠭᠰᠠᠳ ᠲᠠᠢ ᠪᠠᠨ ᠦᠨᠡᠭᠡᠴᠢ ᠰᠤᠮᠤᠨ ᠳᠤ ᠬᠦᠷᠴᠦ ᠬᠠᠮᠢᠶ᠎ᠠ ᠪᠦᠬᠦᠢ ᠠᠵᠢᠯ ᠢ | ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ | ᠬᠤᠵᠢᠳ ᠦᠨᠡᠭᠡᠴᠢ ᠰᠤᠮᠤ ᠶᠢᠨ ᠪᠠᠶᠠᠨ ᠠᠶᠢᠯ ᠭᠡᠷ ᠪᠦᠯᠢ ᠶᠢᠨ ᠮᠠᠯᠵᠢᠯ ᠤᠨ ᠲᠠᠯᠠᠪᠠᠢ᠂ ᠵᠦᠩ ᠶᠢᠩ ᠭᠡᠷ | ᠪᠦᠯᠢ ᠶᠢᠨ ᠮᠠᠯᠵᠢᠯ ᠤᠨ ᠲᠠᠯᠠᠪᠠᠢ᠂ ᠸᠠᠩ ᠪᠦᠦ ᠴᠧᠨ ᠤ ᠡᠮ ᠤᠨ ᠮᠠᠲ᠋ᠧᠷᠢᠶᠠᠯ ᠲᠠᠷᠢᠬᠤ ᠭᠠᠵᠠᠷ ᠲᠤ ᠬᠦᠷᠴᠦ᠂ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠰᠣᠯᠢᠯᠴᠠᠨ ᠶᠠᠷᠢᠯᠴᠠᠬᠤ ᠬᠡᠯᠪᠡᠷᠢ ᠪᠠᠷ ᠳᠠᠮᠵᠢᠨ᠂ ᠰᠤᠮᠤ ᠶᠢᠨ | ᠰᠢᠨ᠎ᠡ ᠬᠡᠯᠪᠡᠷᠢ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠠᠵᠤ ᠦᠢᠯᠡᠰ ᠤᠨ ᠣᠳᠣᠬᠢ ᠪᠠᠶᠢᠳᠠᠯ᠂ | ᠡᠵᠡᠩᠨᠡᠯᠲᠡ ᠶᠢᠨ ᠬᠡᠪᠴᠢᠶ᠎ᠡ ᠵᠢᠴᠢ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | | |