ᠵᠠᠷᠤᠳ ᠬᠤᠰᠢᠭᠤ ᠪᠣᠯᠣᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/5
     7 ᠰᠠᠷ᠎ᠠ ᠶᠢᠨ 4 ᠤ ᠡᠳᠦᠷ᠂ ᠵᠠᠷᠤᠳ ᠬᠤᠰᠢᠭᠤ ᠪᠣᠯᠣᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠥᠷᠥᠯ ᠵᠦᠢᠯ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠭᠦᠸᠧ ᠶᠠ ᠹᠧᠩ ᠪᠣᠯᠣᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠵᠡᠭᠦᠨ ᠬᠤᠶᠢᠲᠤ ᠶᠢᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠶᠡᠷᠦᠩᠬᠡᠢ ᠳᠠᠭᠠᠭᠠᠮᠠᠯ ᠵᠦ ᠸᠧᠢ ᠬᠤᠷᠠᠯ ᠳᠤ ᠰᠠᠭᠠᠳᠠᠪᠠ᠃ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
微信图片_20220705104614.jpg    
    ᠱᠣᠣ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠵᠠᠷᠤᠳ ᠬᠤᠰᠢᠭᠤᠨ ᠳᠤ ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠬᠦ᠂ ᠪᠡᠯᠡ ᠣᠷᠣᠭᠤᠯᠤᠨ ᠦᠢᠯᠡᠰ ᠪᠤᠰᠬᠠᠬᠤ ᠪᠠᠷ ᠢᠷᠡᠭᠰᠡᠨ ᠳᠤ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠵᠠᠷᠤᠳ ᠬᠤᠰᠢᠭᠤᠨ ᠤ ᠬᠢᠨ ᠬᠤᠳᠠᠯᠳᠤᠭᠠᠴᠢᠨ ᠤᠷᠢᠵᠤ ᠪᠡᠯᠡ  ᠲᠠᠳᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠵᠤ ᠠᠬᠤᠶᠢᠯᠠᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠲᠡᠷᠢᠭᠦᠨ ᠵᠡᠷᠭᠡ ᠶᠢᠨ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠬᠠᠮᠲᠤ ᠠᠵᠤ ᠠᠬᠤᠶᠢᠯᠠᠯ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠠᠵᠢᠯ ᠣᠯᠭᠤᠯᠲᠠ ᠶᠢ ᠠᠬᠢᠭᠤᠯᠬᠤ᠂ ᠭᠠᠶᠢᠯᠢ ᠶᠢᠨ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠵᠠᠷᠤᠳ ᠬᠤᠰᠢᠭᠤᠨ ᠳᠤ ᠬᠦᠴᠦᠨ ᠨᠡᠮᠡᠷᠢᠯᠡᠵᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠳᠤᠮᠳᠠ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ  ᠭᠡᠪᠡ᠃
微信图片_20220705104607.jpg    
     ᠬᠤᠷᠠᠯ ᠳᠡᠭᠡᠷ᠎ᠡ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠬᠥᠭᠵᠢᠯᠲᠡ ᠶᠢᠨ ᠣᠶᠢᠯᠠᠭᠠᠭᠳᠠᠬᠤᠨ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠣᠯᠣᠨ ᠢᠷᠡᠭᠡᠳᠦᠢ ᠶᠢᠨ ᠬᠥᠭᠵᠢᠯᠲᠡ ᠶᠢᠨ ᠳᠠᠪᠠᠭᠤᠯᠢᠭ ᠢᠶᠠᠨ ᠲᠠᠨᠢᠯᠴᠠᠭᠤᠯᠪᠠ᠃ ᠡᠭᠦᠨ ᠤ ᠬᠠᠮᠲᠤ᠂ ᠵᠠᠷᠤᠳ ᠬᠤᠰᠢᠭᠤᠨ ᠳᠤ ᠤᠯᠠᠨ ᠠᠴᠠ ᠬᠡᠲᠦᠶᠢᠳᠦᠭᠰᠡᠨ ᠵᠠᠮ ᠬᠠᠷᠢᠯᠴᠠᠭᠠᠨ ᠤ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠲᠠᠢ᠂ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ ᠲᠠᠢ᠂ ᠠᠵᠤ ᠠᠬᠤᠶᠢᠯᠠᠯ ᠳᠤᠷᠠᠲᠠᠶ᠎ᠠ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ ᠭᠠᠷ ᠬᠤᠯᠪᠣᠨ᠂ ᠪᠦᠯᠦᠭᠯᠡᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠪᠦᠯᠦᠭᠯᠡᠯ ᠤᠨ ᠬᠦᠴᠦᠨ ᠢᠶᠠᠨ ᠬᠠᠨᠳᠢᠪᠯᠡᠵᠤ᠂ ︽ᠣᠷᠣᠨ ᠨᠤᠲᠤᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ︾ ᠪᠠᠷ ᠭᠤᠣᠯ ᠪᠣᠯᠭᠠᠵᠤ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠵᠤ᠂ ᠬᠠᠮᠵᠢᠯᠴᠠᠨ ᠪᠠᠶᠢᠯᠳᠤᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠰᠢᠨ᠎ᠡ ᠪᠠᠶᠢᠳᠠᠯ ᠢ ᠡᠭᠦᠳᠦᠨ᠎ᠡ ᠭᠡᠵᠦ ᠢᠯᠡᠳᠬᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号