ᠵᠠᠷᠤᠳ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/8
     ᠣᠶᠢᠷ᠎ᠠ ᠳᠤ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠦᠭᠬᠦ︾ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠲᠣᠬᠤᠨᠢᠭᠤᠯᠬᠤ ᠳᠤᠭᠤᠶᠢᠯᠠᠩ ᠤᠨ  ᠬᠢᠨ ᠡᠷᠦᠬᠡ ᠳᠤ ᠣᠷᠣᠬᠤ ᠬᠡᠯᠪᠡᠷᠢ ᠪᠠᠷ ᠬᠦᠴᠢᠷᠳᠡᠯ ᠲᠠᠢ ᠠᠵᠢᠯᠲᠠᠨ ᠠᠵᠢᠯᠴᠢᠨ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤᠮᠳᠠ ᠥᠪᠡᠷ ᠢᠶᠠᠨ ᠨᠡᠯᠢᠶᠡᠳ ᠶᠡᠭᠡ ᠮᠥᠩᠭᠦ ᠵᠠᠷᠤᠴᠠᠭᠤᠯᠤᠭᠰᠠᠨ ᠠᠵᠢᠯᠲᠠᠨ ᠠᠵᠢᠯᠴᠢᠨ ᠲᠠᠢ ᠶᠠᠷᠢᠯᠴᠠᠨ ᠰᠣᠯᠢᠯᠴᠠᠵᠤ᠂ ᠬᠦᠴᠢᠷᠳᠡᠯ ᠲᠠᠢ ᠠᠵᠢᠯᠲᠠᠳ ᠤᠨ ᠣᠳᠣᠬᠠᠨ ᠤ ᠦᠢᠯᠡᠳᠪᠦᠷᠢᠯᠡᠯ ᠠᠮᠢᠳᠤᠷᠠᠯ ᠳᠤᠮᠳᠠᠬᠢ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠣᠳᠣᠬᠠᠨ ᠤ ᠬᠦᠴᠢᠷᠳᠡᠯ ᠳᠤ ᠲᠤᠯᠭᠠᠷᠠᠭᠰᠠᠨ ᠭᠤᠣᠯ ᠰᠢᠯᠲᠠᠭᠠᠨ ᠢ ᠲᠡᠮᠳᠡᠭᠯᠡᠵᠦ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠨ᠂ ᠴᠢᠷᠮᠠᠶᠢᠨ ᠠᠵᠢᠯᠯᠠᠵᠤ᠂ ᠬᠦᠴᠢᠷᠳᠡᠯ ᠳᠤ ᠵᠣᠷᠢᠭᠲᠠᠢ ᠪᠠᠷ ᠬᠠᠨᠳᠤᠬᠤ ᠬᠡᠷᠡᠭᠳᠠᠢ ᠬᠡᠵᠦ ᠵᠣᠷᠢᠭᠵᠢᠭᠤᠯᠬᠤ ᠶᠢᠨ ᠬᠠᠮᠲᠤ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠠᠷᠭ᠎ᠠ ᠬᠡᠮᠵᠢᠶ᠎ᠡ ᠠᠪᠴᠤ ᠬᠠᠪᠰᠤᠷᠤᠨ ᠲᠡᠳᠬᠦᠵᠦ᠂ ᠬᠦᠴᠢᠷᠳᠡᠯ ᠢ ᠰᠢᠢᠳᠪᠦᠷᠢᠯᠡᠨ᠎ᠡ ᠭᠡᠵᠦ ᠢᠯᠡᠳᠭᠡᠪᠡ᠃
微信图片_20220708104351.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号