ᠣᠶᠢᠷ᠎ᠠ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠨ ᠨᠠᠮ ᠤᠨ | ᠪᠠᠶᠢᠭᠤᠯᠤᠯᠲᠠ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠤᠷᠤᠯᠴᠠᠪᠠ᠃ ᠬᠤᠷᠠᠯ ᠠᠴᠠ | ᠴᠢᠬᠤᠯᠠᠴᠢᠯᠠᠭᠰᠠᠨ ᠨᠢ᠂ ᠳᠣᠣᠷ᠎ᠠ ᠬᠠᠭᠠᠰ ᠵᠢᠯ ᠤᠨ ᠠᠵᠢᠯ ᠢᠶᠠᠨ ᠪᠤᠰᠤᠳᠴᠢ ᠪᠠᠷ ᠵᠠᠳᠠᠯᠤᠨ ᠰᠢᠨᠵᠢᠯᠡᠵᠦ᠂ | ᠭᠦᠨᠵᠡᠭᠡᠢ ᠰᠤᠳᠤᠯᠵᠤ᠂ ᠴᠠᠭ ᠢᠮᠠᠭᠲᠠ ᠨᠡᠬᠡᠭᠳᠡᠵᠦ ᠲᠠᠪᠠᠵᠦ ᠭᠠᠷᠭᠠᠳᠠᠬᠤ ᠪᠠᠴᠢᠮ ᠲᠤᠯᠭᠠᠮ᠎ᠠ ᠰᠡᠳᠬᠢᠯᠭᠡ ᠲᠠᠢ | ᠪᠠᠶᠢᠵᠦ᠂ ᠦᠪᠡᠷ ᠦᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠲᠤᠳᠠᠭᠳᠠᠯ ᠢᠶᠠᠨ ᠨᠥᠬᠦᠪᠦᠷᠢᠯᠡᠵᠦ᠂ ᠯᠠᠪᠳᠠᠭᠤᠨ | ᠪᠠᠲᠤᠲᠠᠢ ᠠᠵᠢᠯᠯᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠡᠷᠡᠰ ᠪᠠᠲᠤ ᠢᠲᠡᠭᠡᠯ ᠵᠣᠷᠢᠭ᠂ ᠨᠡᠩ | ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠬᠠᠷᠠᠯᠲᠠ ᠪᠠᠨ ᠭᠤᠶᠢᠪᠢᠰᠢ ᠦᠭᠡᠢ ᠪᠠᠷᠢᠮᠲᠠᠯᠠᠵᠤ᠂ ᠤᠯᠤᠰ ᠤᠨ ᠤᠯᠤᠰ | ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠴᠢᠳᠠᠪᠤᠷᠢ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠰᠢᠨ᠎ᠡ ᠠᠶᠠᠨ ᠢ | ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃ | | | |