ᠢᠳᠡᠭᠡᠨ ᠤᠮᠳᠠᠭᠠᠨ ᠤ ᠦᠢᠯᠡᠰ ᠤᠨ ᠲᠣᠰᠣᠨ ᠣᠲᠤᠭ᠎ᠠ ᠶᠢᠨ ᠪᠣᠬᠢᠷᠳᠤᠯ ᠢ ᠵᠠᠰᠠᠬᠤ ᠦᠷ᠎ᠡ ᠪᠦᠲᠦᠮᠵᠢ ᠪᠠᠨ | ᠤᠯᠠᠮ ᠨᠢᠭᠡ ᠠᠯᠬᠤᠮ ᠪᠠᠬᠢᠵᠢᠭᠦᠯᠵᠦ᠂ ᠠᠭᠠᠷ ᠮᠠᠨᠳᠠᠯ ᠣᠷᠴᠢᠨ ᠲᠣᠭᠤᠷᠢᠨ ᠤ ᠴᠢᠨᠠᠷ ᠴᠢᠨᠰᠠᠭ᠎ᠠ ᠪᠠ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠬᠤ ᠶᠢᠨ ᠲᠥᠯᠥᠭᠡ᠂ ᠵᠢᠯ ᠤᠨ ᠡᠬᠢᠨ ᠠᠴᠠ | ᠨᠠᠰᠢ᠂ ᠵᠠᠷᠤᠳ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠤᠣᠯ ᠬᠤᠲᠠ ᠶᠢᠨ | ᠲᠣᠭᠤᠷᠢᠭ ᠤᠨ ᠢᠳᠡᠭᠡᠨ ᠤᠮᠳᠠᠭᠠᠨ ᠤ ᠦᠢᠯᠡᠰ ᠤᠨ ᠲᠣᠰᠣᠨ ᠣᠲᠤᠭ᠎ᠠ ᠶᠢᠨ ᠪᠣᠬᠢᠷᠳᠤᠯ ᠢ ᠵᠠᠰᠠᠬᠤ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠢ ᠥᠷᠨᠢᠭᠦᠯᠵᠦ᠂ ︽ᠨᠠᠷᠢᠨ ᠵᠢᠭᠰᠠᠭᠠᠨ ᠪᠠᠶᠢᠴᠠᠭᠠᠵᠤ᠂ ᠴᠢᠩᠭ᠎ᠠ ᠬᠢᠨᠠᠨ ᠬᠠᠮᠢᠶᠠᠷᠬᠤ︾ | ᠠᠵᠢᠯ ᠤᠨ ᠵᠠᠭᠪᠤᠷ ᠢᠶᠠᠷ ᠢᠳᠡᠭᠡᠨ ᠤᠮᠳᠠᠭᠠᠨ ᠤ ᠦᠢᠯᠡᠰ ᠤᠨ ᠲᠣᠰᠣᠨ ᠣᠲᠤᠭ᠎ᠠ ᠭᠠᠳᠠᠭᠰᠢᠯᠠᠭᠤᠯᠬᠤ ᠶᠢ | ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠪᠠ᠃ ᠡᠭᠦᠨ ᠤ ᠵᠡᠷᠭᠡ ᠳᠤ᠂ ᠵᠣᠨ ᠤ ᠤᠯᠠᠷᠢᠯ ᠤᠨ ᠵᠠᠳᠠᠭᠠᠢ | ᠰᠢᠷᠠᠮᠠᠯ ᠢᠳᠡᠭᠡᠨ ᠤ ᠲᠣᠰᠣᠨ ᠣᠲᠤᠭ᠎ᠠ ᠶᠢᠨ ᠪᠤᠬᠢᠷᠳᠤᠯ ᠬᠦᠨᠳᠦ ᠨᠣᠴᠢᠲᠠᠢ ᠪᠠᠶᠢᠭ᠎ᠠ ᠪᠣᠳᠠᠲᠤ ᠪᠠᠶᠢᠳᠠᠯ ᠳᠤ | ᠴᠢᠭᠯᠡᠭᠦᠯᠦᠨ᠂ ᠲᠣᠰ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠰᠢᠷᠠᠮᠠᠯ ᠢᠳᠡᠭᠡᠨ ᠤ ᠠᠵᠢᠯ | ᠲᠥᠷᠥᠯ ᠤᠨ ᠲᠣᠰᠣᠨ ᠣᠲᠤᠭ᠎ᠠ ᠭᠠᠳᠠᠭᠰᠢᠯᠠᠭᠤᠯᠬᠤ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠵᠠᠳᠠᠭᠠᠢ ᠰᠢᠷᠠᠮᠠᠯ ᠢᠳᠡᠭᠡᠨ ᠪᠠ ᠳᠡᠯᠭᠡᠭᠦᠷ ᠤᠨ ᠭᠠᠳᠠᠨ᠎ᠠ ᠢᠯᠡ ᠨᠡᠭᠦᠷᠡᠰᠤᠨ ᠭᠠᠯ ᠢᠶᠠᠷ ᠰᠢᠷᠠᠵᠦ ᠪᠠᠶᠢᠭ᠎ᠠ ᠦᠶᠯᠡ | ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠪᠠ᠃ | | | | ᠢᠳᠡᠪᠬᠢᠲᠡᠢ ᠪᠠᠷ ᠤᠬᠠᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃ ᠡᠳᠦᠷ | ᠲᠤᠲᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠩᠭᠢ ᠶᠢᠨ | ᠠᠵᠢᠯᠳᠠᠳ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠡᠷᠦᠬᠡ ᠳᠤ ᠭᠦᠨᠵᠡᠭᠡᠶᠢᠷᠡᠨ ᠲᠣᠰᠣᠨ ᠣᠲᠤᠭ᠎ᠠ | ᠭᠠᠳᠠᠭᠰᠢᠯᠠᠭᠤᠯᠬᠤ ᠶᠢᠨ ᠬᠤᠣᠷ ᠬᠥᠨᠥᠭᠡᠯ ᠪᠠ ᠲᠣᠰᠣᠨ ᠣᠲᠤᠭ᠎ᠠ ᠶᠢᠨ ᠪᠣᠬᠢᠷᠳᠤᠯ ᠢ ᠵᠠᠰᠠᠬᠤ ᠡᠯ᠎ᠡ ᠵᠦᠢᠯ ᠤᠨ | ᠲᠣᠭᠲᠠᠭᠠᠯ ᠢ ᠥᠷᠭᠡᠨ ᠢᠶᠠᠷ ᠤᠬᠠᠭᠤᠯᠬᠤ ᠶᠢᠨ ᠬᠠᠮᠲᠤ ᠲᠡᠳᠡᠨ ᠢ ᠱᠠᠭᠠᠷᠳᠠᠨ ᠲᠣᠰᠣᠨ ᠣᠲᠤᠭ᠎ᠠ ᠴᠡᠪᠡᠷᠰᠢᠭᠦᠯᠬᠦ | ᠪᠡᠯᠡᠳᠬᠡᠮᠵᠢ ᠶᠢ ᠵᠥᠪ ᠬᠡᠷᠡᠭᠯᠡᠭᠦᠯᠵᠦ᠂ ᠡᠵᠡᠩᠨᠡᠯᠲᠡ ᠶᠢᠨ ᠡᠷᠦᠬᠡ ᠶᠢᠨ ᠣᠷᠴᠢᠨ ᠲᠣᠭᠤᠷᠢᠨ ᠢ ᠬᠠᠮᠠᠭᠠᠯᠠᠬᠤ | ᠡᠵᠡᠩᠨᠡᠯᠲᠡ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠪᠡ᠃ | ᠲᠣᠭᠲᠠᠴᠠ ᠶᠢᠨ ᠰᠢᠨ᠎ᠡ ᠶᠢ ᠡᠭᠦᠳᠴᠦ᠂ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠬᠡᠷᠡᠭᠵᠢᠬᠦᠯᠪᠡ᠃ | ᠲᠣᠰᠣᠨ ᠤᠲᠤᠭᠠᠨ ᠤ ᠪᠣᠬᠢᠷᠳᠤᠯ ᠢ ᠵᠠᠰᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠩᠭᠢ ᠶᠢᠨ ᠠᠵᠢᠯᠳᠠᠳ | ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠭᠤᠣᠯ ᠬᠤᠲᠠ ᠶᠢᠨ ᠲᠣᠭᠤᠷᠢᠭ ᠲᠠᠬᠢ ᠪᠣᠶ ᠪᠦᠬᠦᠢ ᠢᠳᠡᠭᠡᠨ | ᠤᠮᠳᠠᠭᠠᠨ ᠤ ᠦᠢᠯᠡᠰ ᠲᠤ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠶᠢᠨ ᠬᠠᠮᠲᠤ | ᠠᠵᠢᠯ ᠤᠨ ᠡᠬᠡ ᠲᠠᠩᠰᠠ ᠪᠠᠶᠢᠭᠤᠯᠵᠤ᠂ ᠡᠵᠡᠩᠨᠡᠯᠲᠡ ᠶᠢᠨ ᠡᠷᠦᠬᠡ ᠶᠢᠨ ᠨᠡᠷᠡᠶᠢᠳᠦᠯ᠂ ᠬᠠᠶ᠋ᠢᠭ᠂ ᠬᠠᠷᠢᠯᠴᠠᠬᠤ | ᠬᠥᠮᠥᠨ ᠵᠢᠴᠢ ᠲᠣᠰᠣᠨ ᠣᠲᠤᠭ᠎ᠠ ᠴᠡᠪᠡᠷᠰᠢᠭᠦᠯᠬᠦ ᠪᠡᠯᠡᠳᠬᠡᠮᠵᠢ ᠶᠢ ᠬᠡᠷᠡᠭᠯᠡᠵᠦ ᠪᠠᠶᠢᠭ᠎ᠠ ᠪᠠᠶᠢᠳᠠᠯ ᠵᠡᠷᠭᠡ ᠡᠯ᠎ᠡ | ᠵᠦᠢᠯ ᠤᠨ ᠠᠵᠢᠯ ᠤᠨ ᠮᠡᠳᠡᠭᠡ ᠵᠠᠩᠭᠢ ᠶᠢ ᠨᠠᠷᠢᠨ ᠨᠢᠭᠲᠠ ᠳᠡᠩᠰᠡᠯᠡᠨ ᠲᠡᠮᠳᠡᠭᠯᠡᠵᠦ᠂ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠶᠢ | ᠬᠠᠷᠢᠯᠴᠠᠨ ᠤᠶᠠᠯᠳᠤᠭᠤᠯᠬᠤ ᠠᠷᠭ᠎ᠠ ᠠᠪᠴᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠪᠠ᠃ | ᠬᠦᠴᠦᠨ ᠢᠶᠠᠨ ᠲᠥᠪᠯᠡᠷᠡᠭᠦᠯᠦᠨ᠂ ᠵᠢᠷᠤᠮᠵᠢᠭᠤᠯᠤᠨ ᠴᠡᠭᠴᠡᠯᠡᠨ ᠵᠠᠰᠠᠬᠤ ᠶᠢ ᠦᠷᠨᠢᠭᠦᠯᠪᠡ᠃ ᠬᠠᠤᠯᠢ | ᠬᠡᠷᠡᠭᠵᠢᠭᠦᠯᠬᠦ ᠬᠦᠴᠦᠨ ᠢᠶᠠᠨ ᠲᠥᠪᠯᠡᠷᠡᠭᠦᠯᠵᠦ᠂ ᠭᠤᠣᠯ ᠬᠤᠲᠠ ᠲᠣᠭᠤᠷᠢᠭ ᠤᠨ ᠢᠳᠡᠭᠡᠨ ᠤᠮᠳᠠᠭᠠᠨ ᠤ | ᠦᠢᠯᠡᠰ ᠤᠨ ᠲᠣᠰᠣᠨ ᠣᠲᠤᠭ᠎ᠠ ᠶᠢᠨ ᠪᠣᠬᠢᠷᠳᠤᠯ ᠤᠨ ᠪᠠᠶᠢᠳᠠᠯ ᠢ ᠵᠢᠷᠤᠮᠵᠢᠭᠤᠯᠤᠨ ᠴᠡᠭᠴᠡᠯᠡᠨ ᠵᠠᠰᠠᠵᠤ᠂ ᠨᠢᠭᠡᠨᠲᠡ | ᠲᠣᠰᠣᠨ ᠣᠲᠤᠭ᠎ᠠ ᠴᠡᠪᠡᠷᠰᠢᠭᠦᠯᠬᠦ ᠪᠡᠯᠡᠳᠬᠡᠮᠵᠢ ᠤᠭᠰᠠᠷᠠᠭᠰᠠᠨ ᠡᠵᠡᠩᠨᠡᠯᠲᠡ ᠶᠢᠨ ᠡᠷᠦᠬᠡ ᠶᠢᠨ ᠲᠣᠭᠲᠠᠭᠠᠯ | ᠶᠣᠰᠣᠭᠠᠷ ᠬᠢᠷᠢ ᠲᠡᠩᠴᠡᠭᠰᠡᠨ ᠲᠣᠰᠣᠨ ᠣᠲᠤᠭ᠎ᠠ ᠴᠡᠪᠡᠷᠰᠢᠭᠦᠯᠬᠦ ᠪᠡᠯᠡᠳᠬᠡᠮᠵᠢ ᠤᠭᠰᠠᠷᠠᠭᠰᠠᠨ ᠡᠰᠡᠬᠦ᠂ ᠲᠣᠰᠣᠨ | ᠣᠲᠤᠭ᠎ᠠ ᠴᠡᠪᠡᠷᠰᠢᠭᠦᠯᠬᠦ ᠪᠡᠯᠡᠳᠬᠡᠮᠵᠢ ᠨᠢ ᠬᠡᠪ ᠤᠨ ᠪᠠᠶᠢᠳᠠᠯ ᠢᠶᠠᠷ ᠠᠵᠢᠯᠯᠠᠵᠤ ᠳᠡᠶᠢᠯᠬᠦ ᠡᠰᠡᠬᠦ᠂ ᠲᠣᠰᠣᠨ ᠣᠲᠤᠭ᠎ᠠ | ᠴᠡᠪᠡᠷᠰᠢᠭᠦᠯᠬᠦ ᠪᠡᠯᠡᠳᠬᠡᠮᠵᠢ ᠨᠢ ᠲᠣᠭᠲᠠᠭᠰᠠᠨ ᠴᠠᠭ ᠲᠤ ᠤᠬᠢᠶᠠᠨ ᠴᠡᠪᠡᠷᠯᠡᠵᠦ ᠬᠠᠮᠠᠭᠠᠯᠠᠭᠰᠠᠨ ᠡᠰᠡᠬᠦ᠂ ᠲᠣᠰᠣᠨ | ᠣᠲᠤᠭ᠎ᠠ ᠭᠠᠳᠠᠭᠰᠢᠯᠠᠭᠤᠯᠬᠤ ᠬᠡᠮᠵᠢᠶ᠎ᠡ ᠨᠢ ᠪᠠᠷᠢᠮᠵᠢᠶ᠎ᠠ ᠳᠤ ᠬᠦᠷᠦᠭᠰᠡᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ | ᠵᠢᠭᠰᠠᠭᠠᠨ ᠪᠠᠶᠢᠴᠠᠭᠠᠪᠠ︔ ᠲᠣᠰᠣᠨ ᠣᠲᠤᠭ᠎ᠠ ᠴᠡᠪᠡᠷᠰᠢᠭᠦᠯᠬᠦ ᠪᠡᠯᠡᠳᠬᠡᠮᠵᠢ ᠤᠭᠰᠠᠷᠠᠭᠰᠠᠨ ᠦᠭᠡᠢ᠂ ᠳᠡᠯᠭᠡᠭᠦᠷ ᠤᠨ | ᠭᠠᠳᠠᠨ᠎ᠠ ᠢᠯᠡ ᠨᠡᠭᠦᠷᠡᠰᠤᠨ ᠭᠠᠯ ᠢᠶᠠᠷ ᠰᠢᠷᠠᠵᠦ ᠪᠠᠶᠢᠭ᠎ᠠ᠂ ᠲᠣᠭᠲᠠᠭᠠᠯ ᠢ ᠵᠥᠷᠢᠴᠡᠨ ᠲᠣᠰᠣᠨ ᠣᠲᠤᠭ᠎ᠠ | ᠭᠠᠳᠠᠭᠰᠢᠯᠠᠭᠤᠯᠤᠭᠰᠠᠨ ᠵᠢᠴᠢ ᠣᠯᠠᠨ ᠤᠳᠠᠭ᠎ᠠ ᠢᠳᠬᠠᠭᠰᠠᠨ ᠪᠣᠯᠪᠠᠴᠤ ᠮᠥᠨ ᠬᠦ ᠵᠠᠯᠠᠷᠠᠭᠤᠯᠤᠭᠰᠠᠨ ᠦᠭᠡᠢ | ᠡᠵᠡᠩᠨᠡᠯᠲᠡ ᠶᠢᠨ ᠡᠷᠦᠬᠡ ᠳᠤ᠂ ᠬᠠᠤᠯᠢ ᠬᠡᠷᠡᠭᠵᠢᠭᠦᠯᠬᠦ ᠠᠩᠭᠢ ᠶᠢᠨ ᠠᠵᠢᠯᠳᠠᠳ ᠠᠬᠤᠢ ᠲᠠᠯᠠᠪᠤᠷ ᠲᠤ ︽ᠴᠡᠭᠴᠡᠯᠡᠨ | ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠲᠡᠳᠡᠨ ᠢ ᠰᠢᠮᠳᠠᠭᠤᠯᠵᠤ ᠪᠠᠶᠢᠭᠠᠳ ᠵᠢᠷᠤᠮᠵᠢᠭᠤᠯᠤᠨ | ᠡᠵᠡᠩᠨᠡᠭᠦᠯᠪᠡ᠃ | ᠵᠢᠯ ᠤᠨ ᠡᠬᠢᠨ ᠠᠴᠠ ᠨᠠᠰᠢ᠂ ᠲᠣᠰ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠨᠡᠶᠢᠲᠡ | 400 ᠭᠠᠷᠤᠢ ᠡᠷᠦᠬᠡ ᠢᠳᠡᠭᠡᠨ ᠤᠮᠳᠠᠭᠠᠨ ᠤ ᠠᠵᠢᠯ ᠲᠥᠷᠥᠯ ᠢ ᠵᠢᠭᠰᠠᠭᠠᠨ ᠪᠠᠶᠢᠴᠠᠭᠠᠵᠤ᠂ 8 ᠬᠤᠪᠢ ︽ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ 50 ᠭᠠᠷᠤᠢ ᠡᠷᠦᠬᠡ ᠰᠢᠷᠠᠮᠠᠯ ᠢᠳᠡᠭᠡᠨ ᠤ | ᠳᠡᠯᠭᠡᠭᠦᠷ ᠢ ᠢᠳᠬᠠᠨ ᠰᠤᠷᠭᠠᠵᠤ᠂ ᠳᠡᠯᠭᠡᠭᠦᠷ ᠤᠨ ᠭᠠᠳᠠᠨ᠎ᠠ ᠢᠯᠡ ᠨᠡᠭᠦᠷᠡᠰᠤᠨ ᠭᠠᠯ ᠢᠶᠠᠷ ᠰᠢᠷᠠᠬᠤ ᠦᠶᠯᠡ | ᠠᠵᠢᠯᠯᠠᠭ᠎ᠠ ᠶᠢ ᠵᠠᠷᠯᠢᠭᠳᠠᠨ ᠴᠠᠭᠠᠵᠠᠯᠠᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠤᠲᠠ ᠶᠢᠨ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠦᠷᠭᠦᠯᠵᠢᠯᠡᠨ ︽ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ + ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ | ᠪᠠᠶᠢᠴᠠᠭᠠᠬᠤ︾ ᠬᠡᠯᠪᠡᠷᠢ ᠪᠠᠷ᠂ ᠢᠳᠡᠭᠡᠨ ᠤᠮᠳᠠᠭᠠᠨ ᠤ ᠠᠵᠢᠯ ᠲᠥᠷᠥᠯ ᠤᠨ ᠲᠣᠰᠣᠨ ᠣᠲᠤᠭ᠎ᠠ | ᠭᠠᠳᠠᠭᠰᠢᠯᠠᠭᠤᠯᠵᠤ ᠪᠠᠶᠢᠭ᠎ᠠ ᠪᠠᠶᠢᠳᠠᠯ ᠳᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠠᠪᠤᠭᠤᠯᠵᠤ᠂ ᠲᠣᠰᠣᠨ | ᠣᠲᠤᠭ᠎ᠠ ᠶᠢᠨ ᠪᠣᠬᠢᠷᠳᠤᠯ ᠢ ᠵᠠᠰᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠢᠯᠠᠯᠲᠠ ᠣᠯᠬᠤ ᠪᠠᠷ | ᠴᠢᠷᠮᠠᠶᠢᠵᠦ ᠪᠠᠶᠢᠨ᠎ᠠ᠃ |