ᠵᠠᠷᠤᠳ ᠬᠤᠰᠢᠭᠤ ᠪᠣᠯᠣᠨ ᠵᠦᠩ ᠴᠧᠩ ᠬᠠᠮᠲᠤᠷᠠᠭᠰᠠᠨ ᠲᠦᠷᠦᠯ ᠵᠦᠢᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/7/8
      7 ᠰᠠᠷ᠎ᠠ ᠶᠢᠨ 7 ᠤ ᠡᠳᠦᠷ᠂ ᠵᠠᠷᠤᠳ ᠬᠤᠰᠢᠭᠤ ᠪᠣᠯᠣᠨ ᠵᠥᠩ ᠴᠧᠩ ᠬᠠᠮᠲᠤᠷᠠᠭᠰᠠᠨ ᠲᠥᠷᠥᠯ ᠵᠦᠢᠯ ᠤᠨ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠼᠦᠢ ᠯᠧᠢ ᠯᠧᠢ ᠬᠤᠷᠠᠯ ᠳᠤ ᠣᠷᠣᠯᠴᠠᠪᠠ᠃  ᠵᠦᠩ ᠽᠢ ᠳ᠋ᠠ ᠶᠤᠸᠠᠢ ︵ᠵᠧᠵᠢᠶᠠᠩ︶ ᠤᠨ ᠪᠣᠳᠠᠰ ᠤᠨ ᠭᠠᠷᠤᠯᠲᠠ ᠶᠢᠨ ᠬᠢᠵᠠᠭᠠᠷᠲᠤ ᠺᠣᠮᠫᠠᠨᠢ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
1208aa8281386c41b085a0a00fc1b74.jpg   
    ᠱᠤᠤ ᠶᠠᠨ ᠵᠢᠶᠦ᠋ᠨ ᠠᠴᠠ ᠵᠦᠩ ᠽᠢ ᠳ᠋ᠡ ᠶᠤᠸᠠᠢ ︵ᠵᠧᠵᠢᠶᠠᠩ︶ ᠤᠨ ᠪᠣᠳᠠᠰ ᠤᠨ ᠭᠠᠷᠤᠯᠲᠠ ᠶᠢᠨ ᠬᠢᠵᠠᠭᠠᠷᠲᠤ ᠺᠣᠮᠫᠠᠨᠢ ᠬᠢᠨ ᠳᠤ ᠪᠦᠬᠦ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢᠶᠠᠨ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠵᠠᠷᠤᠳ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠨᠡᠯᠢᠶᠡᠳ ᠶᠡᠭᠡ ᠬᠥᠭᠵᠢᠯᠲᠡ ᠶᠢᠨ ᠳᠠᠪᠠᠭᠤᠯᠢᠭ ᠲᠠᠢ ᠪᠥᠭᠡᠳ ᠨᠠᠷᠢᠯᠢᠭ ᠡᠳ᠋ᠰᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠭᠦᠳᠬᠦ᠂ ᠠᠯᠠᠰᠢᠨ ᠦᠬᠡᠷ ᠲᠡᠵᠢᠭᠡᠬᠦ ᠠᠵᠤ ᠦᠢᠯᠡᠰ ᠢ ᠲᠤᠯᠭᠠᠭᠤᠷᠢ ᠠᠵᠤ ᠦᠢᠯᠡᠰ ᠳᠠᠰᠢ ᠬᠥᠭᠵᠢᠬᠦ ᠶᠢ ᠠᠬᠢᠭᠤᠯᠬᠤ ᠪᠣᠯ ᠣᠳᠣᠬᠠᠨ ᠤ ᠪᠥᠬᠦ ᠬᠤᠰᠢᠭᠤᠨ ᠤ ᠴᠢᠬᠤᠯᠠ ᠬᠥᠭᠵᠢᠯᠲᠡ ᠶᠢᠨ ᠴᠢᠭᠯᠡᠯ ᠮᠥᠨ᠃ ᠲᠤᠰ ᠺᠣᠮᠫᠠᠨᠢ ᠶᠢᠨ ᠬᠢᠨ ᠦᠵᠦᠭᠦᠷ ᠵᠠᠬ᠎ᠠ ᠳᠡᠯᠭᠡᠭᠦᠷ ᠲᠡᠰᠢ ᠦᠢᠯᠡᠴᠢᠯᠡᠭᠡ ᠪᠠᠨ ᠬᠠᠩᠭᠠᠬᠤ ᠶᠢ ᠠᠩᠬᠠᠷᠴᠤ᠂ ᠠᠯᠠᠰᠢᠨ ᠦᠬᠡᠷ ᠲᠡᠵᠢᠭᠡᠬᠦ ᠨᠠᠷᠢᠯᠢᠭ ᠡᠳ᠋ᠰᠢᠭᠦᠯᠬᠦ ᠲᠠᠯ᠎ᠠ ᠪᠠᠷ ᠵᠠᠷᠤᠳ ᠬᠤᠰᠢᠭᠤ ᠲᠠᠢ ᠤᠷᠳᠤ ᠬᠤᠭᠤᠴᠠᠭᠠᠨ ᠤ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠭᠡᠪᠡ᠃    ᠬᠤᠷᠠᠯ ᠳᠡᠭᠡᠷ᠎ᠡ᠂ ᠵᠦᠩ ᠽᠢ ᠳ᠋ᠠ ᠶᠤᠸᠠᠢ ︵ᠵᠧᠵᠢᠶᠠᠩ︶ ᠤᠨ ᠪᠣᠳᠠᠰ ᠤᠨ ᠭᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠠᠵᠢᠯᠲᠠᠨ ᠵᠠᠩ ᠢ ᠠᠴᠠ ᠣᠶᠤᠨᠴᠢ ᠲᠠᠷᠢᠶᠠᠯᠠᠩ ᠲᠡᠵᠢᠭᠡᠪᠦᠷᠢ᠂ ᠮᠠᠯ   ᠲᠡᠵᠢᠭᠡᠪᠦᠷᠢ ᠶᠢ ᠬᠦᠯᠢᠶᠡᠨ ᠠᠪᠴᠤ ᠲᠡᠵᠢᠭᠡᠭᠰᠡᠨ ᠢ ᠮᠦᠷᠳᠡᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠶᠠᠪᠤᠴᠠ᠂ ᠣᠶᠤᠨᠴᠢ ᠲᠡᠵᠢᠭᠡᠪᠦᠷᠢ ᠶᠢᠨ ᠬᠡᠷᠡᠭᠯᠡᠭᠡᠨ ᠤ ᠠᠬᠤᠢ ᠪᠠᠶᠢᠳᠠᠯ᠂ ᠣᠷᠴᠢᠯ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ᠂ ᠪᠡᠯᠡ ᠣᠷᠣᠭᠤᠯᠤᠯᠲᠠ ᠶᠢᠨ ᠲᠥᠯᠥᠪᠯᠡᠭᠡ ᠵᠡᠷᠭᠡ ᠲᠠᠪᠤᠨ ᠲᠠᠯ᠎ᠠ ᠪᠠᠷ ᠨᠠᠷᠢᠨ ᠲᠠᠨᠢᠯᠴᠠᠭᠤᠯᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号