ᠵᠠᠷᠤᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠠᠮ ᠤᠨ ᠰᠤᠷᠲᠠᠯ ᠪᠠ ᠵᠠᠰᠠᠭ ᠤᠨ ᠰᠤᠷᠲᠠᠯ ᠳᠤ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠬᠦ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/7/8
     7 ᠰᠠᠷ᠎ᠠ ᠶᠢᠨ 6 ᠤ ᠡᠳᠦᠷ᠂ ᠵᠠᠷᠤᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨ ᠨᠠᠮ ᠤᠨ ᠰᠤᠷᠲᠠᠯ ᠪᠠ ᠵᠠᠰᠠᠭ ᠤᠨ ᠰᠤᠷᠲᠠᠯ ᠳᠤ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠬᠦ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ ᠬᠤᠷᠠᠯ ᠳᠤ ᠣᠷᠣᠯᠴᠠᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠭ ᠤᠨ ᠭᠡᠰᠢᠭᠦᠨ ᠪᠣᠯᠣᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠷᠢᠨ ᠲᠣᠮᠢᠯᠠᠭᠰᠠᠨ 10 ᠨᠡᠷᠡᠰ ᠨᠠᠮ ᠤᠨ ᠰᠤᠷᠲᠠᠯ ᠪᠠ ᠵᠠᠰᠠᠭ ᠤᠨ ᠰᠤᠷᠲᠠᠯ ᠤᠨ ᠨᠡᠶᠢᠭᠡᠮ ᠤᠨ ᠬᠢᠨᠠᠯᠲᠠ ᠲᠠᠯᠪᠢᠭᠴᠢ ᠬᠤᠷᠠᠯ ᠳᠤ ᠣᠷᠣᠯᠴᠠᠪᠠ᠃ 
92d4cf00237af227fd1df8546fcf8fa.jpg   
    ᠯᠢᠦ ᠰᠢ ᠯᠢᠨ ᠱᠠᠭᠠᠷᠳᠠᠭᠰᠠᠨ ᠨᠢ᠂ ᠰᠤᠷᠣᠯᠴᠠᠨ ᠳᠡᠭᠡᠭᠰᠢᠯᠡᠬᠦ ᠶᠢ ᠴᠢᠬᠤᠯᠠᠴᠢᠯᠠᠬᠤ ᠬᠡᠷᠡᠭᠲᠡᠢ᠃ ᠨᠠᠮ ᠤᠨ ᠰᠤᠷᠲᠠᠯ ᠪᠠ ᠵᠠᠰᠠᠭ ᠤᠨ ᠰᠤᠷᠲᠠᠯ ᠤᠨ ᠨᠡᠶᠢᠭᠡᠮ ᠤᠨ ᠬᠢᠨᠠᠯᠲᠠ ᠲᠠᠯᠪᠢᠭᠴᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠰᠢᠨ᠎ᠡ ᠱᠠᠭᠠᠷᠳᠠᠯᠭ᠎ᠠ ᠶᠢ ᠢᠳᠡᠪᠬᠢᠲᠡᠢ ᠰᠤᠷᠤᠯᠴᠠᠵᠤ᠂ ᠨᠡᠶᠢᠭᠡᠮ ᠤᠨ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠳᠤ ᠡᠷᠬᠡᠪᠰᠢ ᠪᠦᠷᠢᠯᠳᠦᠭᠦᠯᠬᠦ ᠲᠦᠷᠦ ᠶᠢᠨ ᠪᠣᠳᠣᠯᠭ᠎ᠠ ᠶᠢᠨ ᠤᠨᠤᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢ ᠣᠶᠢᠯᠠᠭᠠᠨ ᠡᠵᠡᠮᠰᠢᠵᠦ᠂ ᠲᠤᠰᠢᠶᠠᠯ ᠢᠶᠠᠨ ᠰᠠᠶᠢᠲᠤᠷ ᠭᠦᠢᠴᠡᠳᠬᠡᠬᠦ᠂ ᠣᠷᠣᠨ ᠪᠠᠶᠢᠷᠢ ᠪᠠᠨ ᠰᠠᠶᠢᠲᠤᠷ ᠲᠣᠭᠲᠠᠭᠠᠬᠤ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠳᠤ ᠤᠨᠤᠯ ᠤᠨ ᠰᠠᠭᠤᠷᠢ ᠲᠠᠯᠪᠢᠬᠤ ᠬᠡᠷᠡᠭᠲᠡᠢ᠃ ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠨᠠᠮ ᠤᠨ ᠰᠤᠷᠲᠠᠯ ᠪᠠ ᠵᠠᠰᠠᠭ ᠤᠨ ᠰᠤᠷᠲᠠᠯ ᠳᠤ ᠬᠢᠨᠠᠯᠲᠠ ᠲᠠᠯᠪᠢᠭᠴᠢ ᠨᠢᠭᠡᠪᠦᠷᠢ ᠰᠠᠶᠢᠲᠤᠷ ᠤᠬᠠᠭᠤᠯᠤᠭᠴᠢ ᠪᠣᠯᠵᠤ᠂ ᠬᠥᠲᠥᠯᠥᠨ ᠵᠢᠯᠤᠭᠤᠳᠬᠤ᠂ ᠤᠬᠠᠭᠤᠯᠬᠤ᠂ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ︔ ᠪᠠᠶᠢᠴᠠᠭᠠᠨ ᠰᠤᠳᠤᠯᠤᠭᠴᠢ ᠶᠢᠨ ᠠᠵᠢᠯ ᠢ ᠰᠠᠶᠢᠨ ᠬᠢᠵᠦ᠂ ᠪᠠᠶᠢᠴᠠᠭᠠᠨ ᠰᠤᠳᠤᠯᠤᠯᠲᠠ ᠶᠢ ᠥᠷᠭᠡᠨ ᠭᠦᠨᠵᠡᠭᠡᠢ ᠥᠷᠨᠢᠭᠦᠯᠬᠦ ᠬᠡᠷᠡᠭᠲᠡᠢ︔ ᠰᠠᠶᠢᠨ ᠬᠤᠯᠪᠣᠭᠠᠴᠢᠨ ᠪᠣᠯᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠤᠯᠭ᠎ᠠ ᠯᠤᠭ᠎ᠠ ᠶᠢᠨ ᠬᠤᠯᠪᠣᠯᠳᠤᠨ ᠨᠡᠪᠲᠡᠷᠡᠯᠴᠡᠬᠦ ᠪᠠᠨ ᠴᠢᠩᠭᠠᠳᠬᠠᠵᠤ᠂ ᠪᠥᠬᠦ ᠬᠤᠰᠢᠭᠤᠨ ᠤ ᠨᠠᠮ ᠤᠨ ᠰᠤᠷᠲᠠᠯ ᠴᠢᠬᠡᠴᠢ ᠵᠠᠰᠠᠭ ᠪᠠ ᠢᠯᠵᠠᠷᠠᠯ ᠢ ᠡᠰᠡᠷᠭᠦᠴᠡᠬᠦ ᠠᠵᠢᠯ ᠤᠨ ᠦᠷᠭᠦᠯᠵᠢᠯᠡᠨ ᠰᠠᠶᠢᠵᠢᠷᠠᠬᠤ ᠶᠢ ᠬᠠᠮᠵᠢᠯᠴᠠᠨ ᠠᠬᠢᠭᠤᠯᠬᠤ ᠬᠡᠷᠡᠭᠲᠡᠢ᠃ ᠴᠢᠳᠠᠮᠠᠭᠠᠢ ᠪᠦᠭᠡᠳ ᠵᠣᠷᠢᠭᠲᠠᠢ ᠪᠠᠷ ᠬᠢᠨᠠᠯᠲᠠ ᠲᠠᠯᠪᠢᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠶᠡᠭᠡ ᠲᠠᠯ᠎ᠠ ᠠᠴᠠ ᠪᠣᠳᠣᠯᠬᠢᠯᠠᠬᠤ᠂ ᠪᠠᠭ᠎ᠠ ᠶᠠᠪᠤᠳᠠᠯ ᠠᠴᠠ ᠡᠬᠢᠯᠡᠨ ᠠᠳᠬᠤᠬᠤ ᠶᠢ ᠪᠠᠷᠢᠮᠲᠠᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠲᠦᠭᠵᠢᠷᠡᠯ ᠤᠨ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠲᠤᠰ ᠪᠡᠶ᠎ᠡ ᠶᠢᠨ ᠲᠤᠷᠰᠢᠯᠭ᠎ᠠ ᠪᠠ ᠤᠶᠤᠨ ᠤᠬᠠᠭᠠᠨ ᠢᠶᠠᠨ ᠭᠦᠢᠴᠡᠳ ᠠᠰᠢᠭᠯᠠᠵᠤ᠂ ᠡᠩ ᠤᠨ ᠦᠶ᠎ᠡ ᠶᠢᠨ ᠦᠵᠡᠵᠦ ᠰᠣᠨᠣᠰᠤᠭᠰᠠᠨ᠂ ᠰᠡᠳᠬᠢᠵᠦ ᠪᠤᠳᠤᠭᠰᠠᠨ ᠲᠠᠢ ᠪᠠᠨ ᠤᠶᠠᠯᠳᠤᠭᠤᠯᠵᠤ᠂ ᠢᠯᠡᠭᠦᠬᠡᠨ ᠰᠠᠨᠠᠯ ᠵᠥᠪᠯᠡᠯᠭᠡ ᠳᠤᠷᠠᠳᠴᠤ᠂ ᠢᠯᠡᠭᠦᠬᠡᠨ ᠰᠠᠨᠠᠭᠤᠯᠵᠤ᠂ ᠨᠠᠮ ᠤᠨ ᠰᠤᠷᠲᠠᠯ ᠪᠠ ᠵᠠᠰᠠᠭ ᠤᠨ ᠰᠤᠷᠲᠠᠯ ᠤᠨ ᠲᠠᠰᠤᠷᠠᠯᠲᠠ ᠦᠭᠡᠢ ᠰᠠᠶᠢᠵᠢᠷᠠᠬᠤ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠪᠡ᠃   ᠬᠤᠷᠠᠯ ᠳᠡᠭᠡᠷ᠎ᠡ᠂ ᠨᠠᠮ ᠤᠨ ᠰᠤᠷᠲᠠᠯ ᠪᠠ ᠵᠠᠰᠠᠭ ᠤᠨ ᠰᠤᠷᠲᠠᠯ ᠳᠤ ᠨᠡᠶᠢᠭᠡᠮ ᠤᠨ ᠬᠢᠨᠠᠯᠲᠠ ᠲᠠᠯᠪᠢᠭᠴᠢᠳ ᠠᠴᠠ ᠲᠣᠰ ᠪᠡᠶ᠎ᠡ ᠶᠢᠨ ᠠᠵᠢᠯ ᠤᠨ ᠬᠦᠷᠢᠶ᠎ᠡ ᠴᠠᠷ᠎ᠠ᠂ ᠨᠡᠶᠢᠭᠡᠮ ᠤᠨ ᠳᠠᠪᠬᠤᠷᠭ᠎ᠠ ᠳᠤ ᠣᠷᠣᠰᠢᠵᠤ ᠪᠠᠶᠢᠭ᠎ᠠ ᠮᠠᠭᠤ ᠰᠤᠷᠲᠠᠯ ᠪᠠ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号