8 ᠰᠠᠷ᠎ᠠ ᠶᠢᠨ 9 ᠤ ᠡᠳᠦᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ | ᠳᠠᠷᠤᠭ᠎ᠠ ᠪᠤᠤ ᠰᠡᠴᠡᠨᠬᠦᠤ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠭᠡᠷᠴᠢᠯᠠᠭᠤ ᠰᠤᠮᠤᠨ ᠳᠤ ᠬᠦᠷᠴᠦ | ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠼᠦᠢ ᠯᠧᠢ ᠯᠧᠢ᠂ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠣᠯᠣᠨ ᠰᠤᠮᠤᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠪᠠᠷ᠎ᠠ ᠪᠤᠯᠤᠨ ᠤᠷᠤᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠡᠷᠴᠢᠯᠠᠭᠤ | ᠰᠤᠮᠤ ᠶᠢᠨ ᠭᠦᠭᠡᠷᠭᠡ ᠭᠠᠴᠠᠭ᠎ᠠ ᠶᠢᠨ ᠡᠭᠦᠯᠳᠡᠷ ᠰᠠᠶᠢᠵᠢᠷᠠᠭᠤᠯᠤᠭᠰᠠᠨ ᠨᠡᠶᠢᠲᠡᠯᠢᠭ ᠮᠠᠯᠴᠢᠨ ᠡᠷᠦᠬᠡ ᠪᠠ ᠭᠡᠷᠴᠢᠯᠠᠭᠤ | ᠭᠠᠴᠠᠭ᠎ᠠ ᠶᠢᠨ ᠠᠯᠲᠠᠨᠨᠠᠮᠤᠷ ᠲᠡᠵᠢᠭᠡᠨ ᠦᠷᠡᠵᠢᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠶ ᠳᠤ ᠬᠦᠷᠴᠦ᠂ | ᠮᠠᠯᠴᠢᠳ ᠲᠠᠢ ᠶᠠᠷᠢᠯᠴᠠᠵᠤ᠂ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠪᠠ ᠴᠠᠭᠠᠨ ᠢᠳᠡᠭᠡ ᠡᠳ᠋ᠰᠢᠭᠦᠯᠬᠦ | ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠡᠭᠦᠯᠳᠡᠷ ᠰᠠᠶᠢᠵᠢᠷᠠᠭᠤᠯᠤᠭᠰᠠᠨ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ᠂ | ᠵᠢᠯ ᠤᠨ ᠪᠤᠷᠤᠯᠠᠭᠤᠯᠭ᠎ᠠ ᠵᠢᠴᠢ ᠦᠷᠡᠵᠢᠭᠦᠯᠦᠨ ᠪᠣᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠦᠭᠰᠡᠨ᠂ ᠪᠦᠲᠦᠭᠡᠨ | ᠪᠠᠶᠢᠭᠤᠯᠤᠯᠲᠠ ᠶᠢᠨ ᠬᠤᠭᠤᠴᠠᠭᠠᠨ ᠤ ᠦᠢᠯᠡᠳᠪᠦᠷᠢ ᠶᠢᠨ ᠭᠡᠷ ᠪᠠᠶᠢᠰᠢᠩ ᠤᠨ ᠪᠠᠶᠢᠷᠢᠯᠠᠭᠤᠯᠤᠯᠲᠠ᠂ | ᠦᠢᠯᠡᠳᠪᠦᠷᠢ ᠶᠢᠨ ᠲᠠᠰᠤᠭ ᠤᠨ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠶᠢ ᠤᠭᠰᠠᠷᠠᠵᠤ ᠬᠤᠳᠠᠯᠳᠤᠨ | ᠠᠪᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠦᠬᠡᠷ ᠤᠨ ᠠᠵᠤ ᠦᠢᠯᠡᠰ ᠤᠨ ᠬᠥᠭᠵᠢᠯᠲᠡ᠂ | ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠵᠢᠯᠤᠭᠤᠳᠬᠤ ᠴᠢᠨᠠᠷᠲᠠᠢ ᠰᠠᠨᠠᠯ ᠳᠤᠷᠠᠳᠪᠠ᠃ | | | |