ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠢᠨ ᠬᠠᠪᠰᠤᠷᠤᠨ ᠠᠵᠢᠯ ᠤᠯᠭᠤᠬᠤ ︽ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ︾ ᠡᠷᠭᠢᠯᠡᠪᠡ
ᠨᠡᠶᠢᠲᠡᠯᠡᠭᠰᠡᠨ ᠴᠠᠭ᠄
2022/8/10
       8 ᠰᠠᠷ᠎ᠠ ᠶᠢᠨ 9 ᠤ ᠡᠳᠦᠷ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠢᠨ ᠵᠥᠩ ᠬᠤᠸᠠ ᠲᠠᠯᠠᠪᠠᠶ ᠳᠤ ᠬᠠᠪᠰᠤᠷᠤᠨ ᠠᠵᠢᠯ ᠤᠯᠭᠤᠬᠤ ︽ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ︾ ᠡᠷᠭᠢᠯᠡᠪᠡ᠃ ᠠᠵᠢᠯᠯᠠᠭ᠎ᠠ ᠶᠢᠨ ᠳᠤᠮᠳᠠ᠂ ᠬᠤᠰᠢᠭᠤᠨ ᠤ ᠠᠵᠢᠯ ᠣᠯᠭᠤᠯᠲᠠ ᠶᠢᠨ ᠲᠥᠪ ᠠᠴᠠ ᠬᠤᠰᠢᠭᠤᠨ ᠤ ᠵᠡᠮᠳᠡᠭᠴᠦᠳ ᠤᠨ ᠬᠤᠯᠪᠣᠭ᠎ᠠ᠂ ᠡᠯ᠎ᠡ ᠬᠥᠳᠡᠯᠮᠦᠷᠢ ᠶᠢᠨ ᠪᠠᠲᠤᠯᠠᠭ᠎ᠠ ᠶᠢᠨ ᠲᠠᠪᠴᠠᠩ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠵᠡᠷᠭᠡ ᠬᠠᠮᠢᠶ᠎ᠠ ᠪᠦᠬᠦᠢ ᠨᠢᠭᠡᠴᠡ ᠶᠢ ᠢᠳᠡᠪᠬᠢᠲᠡᠢ ᠵᠣᠬᠢᠴᠠᠭᠤᠯᠵᠤ᠂ ︽ᠬᠠᠪᠰᠤᠷᠤᠨ ᠲᠡᠮᠵᠢᠵᠦ ᠠᠷᠠᠳ ᠤᠨ ᠰᠡᠳᠬᠢᠯ ᠢ ᠲᠤᠯᠠᠭᠠᠴᠠᠭᠤᠯᠤᠨ ᠠᠵᠢᠯ ᠣᠯᠭᠤᠵᠤ ᠠᠷᠠᠳ ᠤᠨ ᠵᠣᠪᠠᠨᠢᠯ ᠢ ᠰᠢᠢᠳᠪᠦᠷᠢᠯᠡᠬᠦ︾ ᠪᠠᠷ ᠭᠤᠣᠯ ᠰᠡᠳᠦᠪ ᠪᠣᠯᠭᠠᠨ᠂ ᠤᠬᠠᠭᠤᠯᠭ᠎ᠠ ᠶᠢᠨ ᠳᠡᠪᠲᠡᠷ᠂ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ᠂ ᠠᠵᠤ ᠠᠬᠤᠶᠢᠯᠠᠯ ᠤᠨ ᠠᠵᠢᠯᠲᠠᠨ ᠡᠯᠰᠡᠬᠦ ᠲᠣᠪᠴᠢ ᠳᠦᠷᠢᠮ ᠢ ᠲᠠᠷᠬᠠᠭᠠᠬᠤ ᠶᠢᠨ ᠬᠠᠮᠲᠤ ᠠᠵᠢᠯ ᠣᠯᠭᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠯᠢᠴᠡᠩᠭᠦᠢ ᠨᠢᠮᠪᠠᠢ ᠲᠠᠶᠢᠯᠪᠤᠷᠢᠯᠠᠪᠠ᠃ ᠠᠵᠢᠯᠯᠠᠭ᠎ᠠ ᠳᠤ ᠨᠡᠶᠢᠳᠡ 1500 ᠭᠠᠷᠤᠢ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠲᠤᠬᠠᠢ ᠶᠢᠨ ᠲᠠᠯᠠᠪᠠᠢ ᠳᠤ 100 ᠭᠠᠷᠤᠢ ᠤᠳᠠᠭ᠎ᠠ ᠠᠰᠠᠭᠤᠨ ᠯᠠᠪᠯᠠᠬᠤ ᠶᠢ ᠭᠥᠯᠢᠶᠡᠨ ᠠᠪᠤᠪᠠ᠃      
微信图片_20220810103351.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号