8 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠵᠢᠴᠢ ︽ᠬᠤᠷᠢᠳᠤᠭᠠᠷ ᠶᠡᠭᠡ ᠬᠤᠷᠠᠯ ᠢ | ᠪᠠᠶᠠᠷᠯᠠᠨ ᠤᠭᠲᠤᠵᠤ ᠰᠢᠨ᠎ᠡ ᠠᠶᠠᠨ ᠵᠠᠮ ᠳᠠᠭᠠᠨ ᠡᠷᠡᠯᠭᠡᠭᠡᠯᠡᠨ ᠤᠷᠤᠭᠰᠢᠯᠠᠶ᠎ᠠ︾ ᠭᠡᠬᠦ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠲᠤᠰᠬᠠᠢ ᠰᠡᠳᠦᠪᠲᠦ ᠲᠠᠶᠢᠯᠤᠮᠵᠢ ᠬᠢᠪᠡ᠃ ᠮᠠᠨ ᠤ ᠤᠯᠤᠰ ᠤᠨ ᠠᠯᠳᠠᠷᠲᠤ | ᠴᠡᠷᠢᠭ ᠤᠨ ᠶᠠᠪᠤᠳᠠᠯ ᠤᠨ ᠲᠤᠰᠬᠠᠢ ᠮᠡᠷᠭᠡᠵᠢᠯᠲᠡᠨ᠂ ᠨᠡᠷ᠎ᠡ ᠬᠦᠨᠳᠦᠲᠦ ᠵᠠᠭᠤᠴᠢᠯᠠᠭᠤᠷ ᠤᠨ ᠰᠢᠭᠦᠮᠵᠢᠯᠡᠭᠴᠢ᠂ | ᠱᠠᠩᠬᠠᠢ ᠬᠤᠳᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠤᠳᠤᠯᠭᠠᠨ ᠤ | ᠨᠡᠶᠢᠭᠡᠮᠯᠢᠭ ᠤᠨ ᠲᠦᠷᠦᠭᠦᠦ ᠲᠤᠰᠬᠠᠢ ᠮᠡᠷᠭᠡᠵᠢᠯᠲᠡᠨ ᠳ᠋ᠦ᠋ ᠸᠧᠨ ᠯᠦᠩ ᠫᠷᠤᠹᠥᠰᠰᠤᠷ ᠠᠴᠠ ︽ᠲᠣᠮᠣ ᠭᠦᠷᠤᠨ ᠤ | ᠥᠷᠢᠰᠦᠯᠳᠦᠭᠡᠨ ᠤ ᠠᠬᠤᠢ ᠪᠠᠶᠢᠳᠠᠯ ᠳᠣᠣᠷᠠᠬᠢ ᠮᠠᠨ ᠤ ᠤᠯᠤᠰ ᠤᠨ ᠠᠮᠤᠷ ᠲᠦᠪᠰᠢᠨ ᠤ ᠣᠷᠴᠢᠨ ᠲᠣᠭᠤᠷᠢᠨ ᠤ | ᠰᠢᠨ᠎ᠡ ᠬᠤᠪᠢᠷᠠᠯᠲᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠪᠡ᠃ ᠬᠤᠰᠢᠭᠤᠨ ᠤ ᠤᠳᠤᠷᠢᠳᠤᠯᠭ᠎ᠠ ᠪᠠᠢ ᠶᠠᠨ | ᠰᠢᠤᠸᠠᠢ᠂ ᠶᠣᠣ ᠼᠠᠢ ᠶᠠᠨ᠂ ᠪᠦᠦ ᠯᠦᠩ᠂ ᠵᠠᠩ ᠴᠦᠨ ᠡᠾᠦ᠋ᠢ᠂ ᠳ᠋ᠢᠩ ᡁᠢ ᠭᠠᠩ᠂ ᠳ᠋ᠦᠩ ᠭᠤᠸᠠᠩ ᠢᠦᠢ᠂ | ᠭᠦᠸᠧ ᠶᠠ ᠹᠧᠩ᠂ ᠲᠤᠩᠭᠠᠯᠠᠭ᠂ ᠴᠢᠦᠢ ᠶᠧ ᠬᠤᠩ᠂ ᠦ᠋ ᠫᠧᠩ ᠹᠧᠢ ᠵᠢᠴᠢ ᠬᠤᠰᠢᠭᠤᠨ ᠤ ᠬᠠᠷᠢᠶ᠎ᠠ ᠰᠠᠯᠠᠭ᠎ᠠ | ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠲᠠᠯᠠᠪᠠᠢ ᠶᠢᠨ ᠨᠠᠮ ᠤᠨ ᠬᠤᠷᠢᠶ᠎ᠠ ᠶᠢᠨ | ᠱᠦᠵᠢ᠂ ᠰᠤᠮᠤ ᠪᠠᠯᠭᠠᠰᠤᠨ ︵ᠲᠠᠯᠠᠪᠠᠢ︶ ᠳᠠᠷᠤᠭ᠎ᠠ᠂ ᠵᠡᠪᠰᠡᠭᠲᠦ ᠬᠦᠴᠦᠨ ᠤ ᠬᠡᠯᠳᠡᠰ ᠤᠨ ᠲᠠᠷᠤᠭ᠎ᠠ᠂ | ᠤᠬᠠᠭᠤᠯᠬᠤ ᠭᠡᠰᠢᠭᠦᠨ ᠨᠡᠶᠢᠲᠡ 240 ᠭᠠᠷᠤᠢ ᠬᠥᠮᠥᠨ ᠤᠷᠤᠯᠴᠠᠪᠠ᠃ | | | | | ᠳ᠋ᠦ᠋ ᠸᠧᠨ ᠯᠦᠩ ᠫᠷᠤᠹᠧᠰᠰᠤᠷ ᠮᠠᠨ ᠤ ᠤᠯᠤᠰ ᠤᠨ ᠡᠷᠭᠢᠨ ᠲᠣᠭᠤᠷᠢᠨ ᠤ ᠠᠮᠤᠷ ᠲᠦᠪᠰᠢᠨ ᠤ ᠪᠠᠶᠢᠳᠠᠯ | ᠵᠢᠴᠢ ᠣᠳᠣᠬᠠᠨ ᠤ ᠬᠠᠯᠠᠮᠰᠢᠯ ᠴᠡᠭ ᠤᠨ ᠠᠰᠠᠭᠤᠳᠠᠯ ᠤᠨ ᠲᠣᠭᠤᠷᠢᠨ ᠳᠤ ᠰᠢᠰᠲ᠋ᠧᠮ ᠲᠠᠢ ᠭᠦᠨᠵᠡᠭᠡᠢ | ᠲᠠᠶᠢᠯᠪᠤᠷᠢᠯᠠᠯᠲᠠ ᠬᠢᠪᠡ᠃ ᠲᠠᠶᠢᠯᠤᠮᠵᠢ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠵᠠᠳᠠᠯᠤᠯᠲᠠ ᠨᠢ | ᠭᠦᠨᠵᠡᠭᠡᠢ᠂ ᠭᠤᠣᠯᠳᠠᠯᠭ᠎ᠠ ᠨᠢ ᠲᠣᠪᠣᠶᠢᠮ᠎ᠠ᠂ ᠦᠵᠡᠯᠲᠡ ᠨᠢ ᠰᠢᠨ᠎ᠡ ᠰᠣᠷᠭᠤᠭ᠂ ᠮᠠᠰᠢ ᠴᠢᠩᠭ᠎ᠠ ᠬᠠᠨᠳᠤᠯᠭᠠᠲᠤ | ᠴᠢᠨᠠᠷ ᠪᠠ ᠵᠢᠯᠤᠭᠤᠳᠬᠤ ᠴᠢᠨᠠᠷ ᠲᠠᠢ ᠪᠠᠶᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠳᠠᠯ ᠢ ᠬᠡᠷᠬᠢᠨ | ᠰᠡᠷᠭᠡᠭ ᠢᠶᠠᠷ ᠲᠠᠨᠢᠬᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠲᠡᠭᠡᠭᠰᠢᠯᠡᠭᠦᠯᠬᠦ | ᠲᠤᠬᠠᠢ ᠬᠤᠷᠠᠯ ᠳᠤ ᠣᠷᠣᠯᠴᠠᠭᠰᠠᠳ ᠲᠤ ᠰᠡᠩᠬᠡᠷᠡᠭᠦᠯᠦᠯ ᠪᠠ ᠪᠣᠳᠣᠯᠬᠢᠯᠠᠯ ᠬᠠᠩᠭᠠᠵᠤ᠂ ᠬᠤᠷᠠᠯ ᠳᠤ | ᠣᠷᠣᠯᠴᠠᠭᠰᠠᠳ ᠤᠨ ᠲᠠᠨᠢᠯᠲᠠ ᠶᠢ ᠨᠡᠮᠡᠭᠳᠡᠭᠦᠯᠵᠦ ᠬᠠᠷᠠᠭ᠎ᠠ ᠶᠢ ᠥᠷᠭᠡᠳᠬᠡᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠤᠬᠠᠮᠰᠠᠷ᠂ ᠰᠠᠨᠠᠭᠠᠰᠢᠷᠠᠯ ᠤᠨ ᠤᠬᠠᠮᠰᠠᠷ ᠢ ᠨᠡᠮᠡᠭᠳᠡᠭᠦᠯᠪᠡ᠃ | | | | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠣᠣ | ᠼᠠᠢ ᠶᠠᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠡ ᠬᠢᠨ | ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠤᠢ ᠪᠣᠯᠭᠠᠵᠤ᠂ ᠤᠬᠠᠭᠤᠯᠭ᠎ᠠ ᠶᠢᠨ ᠰᠠᠮᠪᠠᠷ᠎ᠠ᠂ | ᠨᠡᠶᠢᠲᠡ ᠶᠢᠨ ᠳ᠋ᠤᠭᠠᠷ᠂ ᠵᠠᠷᠯᠠᠯ᠂︽ᠲᠤᠰᠬᠤᠨ ᠤ ᠷᠠᠳᠢᠤ᠋︾ ᠵᠡᠷᠭᠡ ᠶᠢ ᠭᠦᠢᠴᠡᠳ ᠠᠰᠢᠭᠯᠠᠨ᠂ ︽ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠠᠤᠯᠢ︾᠂ ︽ᠴᠡᠷᠢᠭ ᠤᠨ ᠠᠯᠪᠠᠨ ᠤ ᠬᠠᠤᠯᠢ︾ ᠵᠡᠷᠭᠡ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠤᠯᠪᠣᠭᠳᠠᠯ ᠪᠦᠬᠦᠢ ᠮᠡᠳᠡᠯᠭᠡ ᠶᠢ ᠰᠠᠶᠢᠲᠤᠷ ᠤᠬᠠᠭᠤᠯᠵᠤ᠂ ᠥᠷᠭᠡᠨ | ᠤᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ | ᠦᠵᠡᠯᠲᠡ᠂ ᠦᠷᠳᠡᠭ ᠤᠨ ᠦᠵᠡᠯᠲᠡ ᠲᠠᠢ ᠪᠣᠯᠭᠠᠵᠤ᠂ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ | ᠤᠯᠤᠰ ᠢᠶᠠᠨ ᠬᠦᠴᠦᠷᠬᠡᠭᠵᠢᠭᠦᠯᠦᠨ ᠦᠢᠯᠡᠰ ᠪᠠᠶᠢᠭᠤᠯᠬᠤ ᠳᠤ ᠠᠰᠢᠭᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠪᠡᠯᠡᠳᠬᠡᠯ ᠴᠡᠷᠢᠭ ᠢ ᠴᠢᠷᠮᠠᠶᠢᠨ ᠬᠥᠮᠥᠵᠢᠭᠦᠯᠬᠦ ᠬᠡᠷᠡᠭᠲᠡᠢ᠃ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠴᠠᠭ ᠤᠨ | ᠪᠠᠶᠢᠳᠠᠯ ᠢ ᠠᠩᠬᠠᠷᠴᠤ᠂ ᠴᠠᠭ ᠭᠠᠷᠭᠠᠵᠤ ᠪᠠᠶᠢᠭᠠᠳ ᠰᠣᠨᠢᠨ ᠮᠡᠳᠡᠭᠡ ᠦᠵᠡᠵᠦ᠂ ᠨᠣᠮ ᠪᠢᠴᠢᠭ ᠤᠩᠰᠢᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠰᠤᠷᠤᠯᠴᠠᠨ ᠣᠶᠢᠯᠠᠭᠠᠵᠤ᠂ ᠰᠠᠨᠠᠭᠠᠰᠢᠷᠠᠨ | ᠵᠣᠪᠠᠨᠢᠬᠤ ᠤᠬᠠᠮᠰᠠᠷ ᠪᠠ ᠡᠬᠡ ᠣᠷᠣᠨ ᠢᠶᠠᠨ ᠪᠦᠲᠦᠭᠡᠨ ᠪᠠᠶᠢᠭᠤᠯᠬᠤ᠂ ᠡᠬᠡ ᠣᠷᠣᠨ ᠢᠶᠠᠨ ᠬᠠᠮᠠᠭᠠᠯᠠᠬᠤ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠥᠪᠡᠷ ᠤᠨ ᠡᠭᠦᠷᠭᠡᠯᠡᠵᠦ ᠪᠠᠶᠢᠭ᠎ᠠ ᠲᠡᠦᠬᠡᠲᠦ ᠡᠭᠦᠷᠭᠡ ᠪᠠᠨ | ᠲᠣᠳᠣᠷᠬᠠᠶᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ᠂ ᠦᠵᠡᠰᠬᠦᠯᠡᠩᠲᠦ ᠰᠠᠶᠢᠬᠠᠨ | ᠵᠠᠷᠤᠳ ᠢᠶᠠᠨ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃ | | | | | ᠬᠤᠷᠠᠯ ᠳᠤ ᠣᠷᠣᠯᠴᠠᠭᠰᠠᠳ ᠠᠴᠠ᠂ ᠬᠦᠰᠡᠯ ᠢᠲᠡᠭᠡᠯ ᠪᠢᠰᠢᠷᠡᠯ ᠢᠶᠠᠨ ᠴᠢᠨᠠᠭᠰᠢᠳᠠ ᠪᠠᠲᠤᠳᠬᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠪᠠᠲᠤᠳᠬᠠᠵᠤ᠂ ᠤᠯᠤᠰ ᠭᠡᠷ ᠤᠨ ᠬᠠᠶᠢᠷ᠎ᠠ | ᠰᠡᠳᠬᠢᠯᠭᠡ ᠪᠠᠨ ᠵᠤᠵᠠᠭᠠᠳᠬᠠᠵᠤ᠂ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠰᠢᠯᠢᠳᠡᠭ ᠠᠵᠢᠯ ᠤᠨ | ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ | ᠢᠯᠡᠳᠬᠡᠵᠡᠭᠡᠪᠡ᠃ |