ᠲᠤᠯᠤᠳᠤ ᠰᠤᠮᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2022/8/11
       8 ᠰᠠᠷ᠎ᠠ ᠶᠢᠨ 9  ᠤ ᠡᠳᠦᠷ᠂ ᠲᠤᠯᠤᠳᠤ ᠰᠤᠮᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠪᠡ᠃ ᠬᠤᠷᠠᠯ ᠠᠴᠠ᠂ ᠡᠯ᠎ᠡ ᠲᠣᠰᠬᠤᠨ ᠢ ᠳᠠᠭᠠᠭᠠᠴᠢᠯᠠᠭᠰᠠᠨ ᠠᠵᠢᠯᠯᠠᠬᠤ ᠠᠩᠭᠢ ᠶᠢᠨ ᠳᠠᠷᠤᠭ᠎ᠠ ᠠᠴᠠ ᠵᠣᠷᠯᠣᠩ ᠢᠶᠠᠨ ᠥᠭᠡᠷᠡᠴᠢᠯᠡᠨ ᠰᠠᠶᠢᠵᠢᠷᠠᠭᠤᠯᠤᠭᠰᠠᠨ ᠤᠯᠠᠨ ᠲᠦᠮᠡᠨ ᠳᠤ ᠴᠢᠭᠯᠡᠭᠦᠯᠦᠨ ᠡᠷᠤᠬᠡ ᠳᠠᠷᠠᠭᠠᠯᠠᠨ ᠪᠠᠶᠢᠴᠠᠭᠠᠯᠲᠠ ᠬᠢᠬᠦ ᠶᠢᠨ ᠬᠠᠮᠲᠤ ᠵᠣᠷᠯᠣᠩ ᠢ ᠨᠢ ᠥᠭᠡᠷᠡᠴᠢᠯᠡᠨ ᠰᠠᠶᠢᠵᠢᠷᠠᠭᠤᠯᠬᠤ ᠵᠢᠯᠣᠭᠤᠳᠤᠯᠭ᠎ᠠ ᠬᠢᠵᠦ᠂ ᠠᠵᠢᠯ ᠤᠨ ᠬᠠᠷᠢᠭᠤᠴᠠᠯᠭ᠎ᠠ ᠪᠠᠨ ᠦᠨᠡᠨᠬᠦ ᠪᠣᠳᠠᠲᠠᠶᠢᠵᠢᠭᠤᠯᠵᠤ᠂ ᠪᠣᠳᠠᠲᠠᠢ ᠠᠴᠠ ᠡᠭᠦᠰᠴᠦ᠂ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠱᠠᠭᠠᠷᠳᠠᠯᠭ᠎ᠠ ᠶᠣᠰᠣᠭᠠᠷ ᠡᠨᠡᠬᠦ ᠠᠵᠢᠯ ᠢ ᠪᠡᠶᠡᠯᠡᠭᠦᠯᠵᠦ᠂ ᠨᠢᠭᠡ ᠴᠡᠭᠴᠡᠯᠡᠨ ᠰᠠᠶᠢᠵᠢᠷᠠᠭᠤᠯᠪᠠᠯ᠂ ᠨᠢᠭᠡ ᠶᠢ ᠪᠠᠷᠢᠮᠵᠢᠶ᠎ᠠ ᠳᠤ ᠬᠦᠷᠭᠡᠵᠦ᠂ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠲᠦᠮᠵᠢᠲᠡᠢ ᠠᠬᠢᠭᠤᠯᠵᠤ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     
微信图片_20220811100646.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号