2022~2023 ᠣᠨ ᠤ ᠢᠯᠴᠢ ᠬᠠᠩᠭᠠᠬᠤ ᠬᠤᠭᠤᠴᠠᠭᠠᠨ ᠤ ᠢᠯᠴᠢ ᠬᠠᠩᠭᠠᠬᠤ ᠰᠤᠶᠢᠳᠭᠡᠯ ᠬᠤᠷᠢᠶᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/8/11
      2022 ~ 2023 ᠣᠨ ᠤ ᠢᠯᠴᠢ ᠬᠠᠩᠭᠠᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠨᠢᠭᠡᠨᠲᠡ ᠲᠠᠭᠤᠰᠴᠤ᠂ 2022 ~ 2023 ᠣᠨ ᠤ ᠮᠠᠨ ᠤ ᠬᠤᠰᠢᠭᠤᠨ ᠤ ᠬᠤᠲᠠ ᠲᠣᠭᠤᠷᠢᠭ ᠤᠨ ᠢᠯᠴᠢ ᠬᠠᠩᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠵᠦ᠂ ᠥᠷᠭᠡᠨ ᠣᠯᠠᠨ ᠢᠯᠴᠢ ᠬᠡᠷᠡᠭᠯᠡᠬᠦ ᠡᠷᠦᠬᠡ ᠶᠢᠨ ᠬᠡᠪ ᠤᠨ ᠢᠯᠴᠢ ᠬᠡᠷᠡᠭᠯᠡᠬᠦ ᠶᠢ ᠨᠥᠯᠥᠭᠡᠯᠡᠬᠦ ᠦᠭᠡᠢ ᠪᠠᠶᠢᠬᠤ ᠶᠢ ᠪᠠᠳᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠢ ᠲᠠᠷᠠᠭᠠᠬᠢ ᠮᠡᠲᠦ ᠮᠡᠳᠡᠭᠳᠡᠶ᠎ᠡ᠄      ᠨᠢᠭᠡ᠂ ᠢᠯᠴᠢ ᠬᠠᠩᠭᠠᠬᠤ ᠡᠬᠢᠯᠡᠬᠦ ᠳᠠᠭᠤᠰᠬᠤ ᠴᠠᠭ᠄ 2022 ᠣᠨ ᠤ 10 ᠰᠠᠷ᠎ᠠ ᠶᠢᠨ 15 ᠤ ᠡᠳᠦᠷ ᠠᠴᠠ 2023 ᠣᠨ ᠤ 4 ᠰᠠᠷ᠎ᠠ ᠶᠢᠨ 15 ᠤ ᠡᠳᠦᠷ ᠪᠣᠯᠲᠠᠯ᠎ᠠ᠃      ᠬᠤᠶᠠᠷ᠂ ᠢᠯᠴᠢ ᠬᠠᠩᠭᠠᠬᠤ ᠰᠦᠢᠳᠬᠡᠯ ᠬᠤᠷᠢᠶᠠᠬᠤ ᠪᠠᠷᠢᠮᠵᠢᠶ᠎ᠠ᠄ ᠲᠦᠩᠯᠢᠶᠣᠣ ᠬᠤᠲᠠ ᠶᠢᠨ ᠪᠠᠷᠠᠭᠠᠨ ᠤ ᠦᠨ᠎ᠡ ᠶᠢᠨ ᠲᠣᠪᠴᠢᠶ᠎ᠠ ᠶᠢᠨ ︽ᠵᠠᠷᠤᠳ ᠬᠤᠰᠢᠭᠤᠨ ᠤ ᠯᠦᠪᠧᠢ ᠪᠠᠯᠭᠠᠰᠤ ᠶᠢᠨ ᠢᠯᠴᠢ ᠬᠠᠩᠭᠠᠬᠤ ᠦᠨ᠎ᠡ ᠬᠠᠩᠰᠢ ᠳᠤ ᠲᠣᠬᠢᠷᠠᠭᠤᠯᠤᠯᠲᠠ ᠬᠢᠭᠰᠡᠨ ᠲᠤᠬᠠᠢ ᠴᠣᠬᠤᠯᠠᠪᠤᠷᠢ︾ ︵ᠲᠦᠩᠯᠢᠶᠣᠣ ᠦᠨ᠎ᠡ ᠬᠤᠳᠠᠯᠳᠤᠭ᠎ᠠ ᠥᠰᠥᠭ ﹇2009﹈ 37 ᠳ᠋ᠤᠭᠠᠷ ᠲᠣᠭᠠᠲᠤ︶ ᠪᠣᠯᠣᠨ ᠲᠦᠩᠯᠢᠶᠣᠣ ᠬᠤᠲᠠ ᠶᠢᠨ ᠪᠠᠷᠠᠭᠠᠨ ᠤ ᠦᠨ᠎ᠡ ᠶᠢᠨ ᠲᠣᠪᠴᠢᠶ᠎ᠠ ᠶᠢᠨ ︽ᠵᠠᠷᠤᠳ ᠬᠤᠰᠢᠭᠤᠨ ᠤ ᠯᠦᠪᠧᠢ ᠪᠠᠯᠭᠠᠰᠤ ᠶᠢᠨ ᠰᠠᠭᠤᠭᠠᠯᠢ ᠠᠷᠠᠳ ᠤᠨ ᠢᠯᠴᠢ ᠬᠠᠩᠭᠠᠬᠤ ᠦᠨ᠎ᠡ ᠬᠠᠩᠰᠢ ᠳᠤ ᠲᠣᠬᠢᠷᠠᠭᠤᠯᠤᠯᠲᠠ ᠬᠢᠭᠰᠡᠨ ᠲᠤᠬᠠᠢ ᠴᠣᠬᠤᠯᠠᠪᠤᠷᠢ︾ ︵ᠲᠦᠩᠯᠢᠶᠣᠣ ᠦᠨ᠎ᠡ ᠬᠤᠳᠠᠯᠳᠤᠭ᠎ᠠ ᠥᠰᠥᠭ ﹇2010﹈ 21 ᠳ᠋ᠤᠭᠡᠷ ᠲᠣᠭᠠᠲᠤ︶ ᠪᠢᠴᠢᠭ ᠮᠠᠲ᠋ᠧᠷᠢᠶᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠪᠠᠷ ᠬᠡᠷᠡᠭᠵᠢᠭᠦᠯᠦᠨ᠎ᠡ᠄ ᠰᠠᠭᠤᠭᠠᠯᠢ ᠠᠷᠠᠳ ᠤᠨ ᠪᠤᠰᠤ ᠬᠡᠷᠡᠭᠯᠡᠬᠦ ᠢᠯᠴᠢ 5.6 ᠲᠥᠭᠦᠷᠢᠭ /ᠰᠠᠷ᠎ᠠ /ᠲᠡᠭᠰᠢ ᠳᠥᠷᠪᠡᠯᠵᠢᠨ ᠮᠧᠲᠷ᠂ ᠰᠠᠭᠤᠭᠠᠯᠢ ᠠᠷᠠᠳ ᠤᠨ ᠬᠡᠷᠡᠭᠯᠡᠬᠦ ᠢᠯᠴᠢ 4.4 ᠲᠥᠭᠦᠷᠢᠭ /ᠰᠠᠷ᠎ᠠ /ᠲᠡᠭᠰᠢ ᠳᠥᠷᠪᠡᠯᠵᠢᠨ ᠮᠧᠲᠷ᠃      ᠭᠤᠷᠪᠠ᠂ ᠰᠦᠢᠳᠬᠡᠯ ᠬᠤᠷᠢᠶᠠᠬᠤ ᠴᠠᠭ ᠬᠤᠭᠤᠴᠠᠭ᠎ᠠ ᠪᠣᠯᠣᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠄      ︵ᠨᠢᠭᠡ︶ ᠰᠦᠢᠳᠬᠡᠯ ᠬᠤᠷᠢᠶᠠᠬᠤ ᠴᠠᠭ᠄ 2022 ᠣᠨ ᠤ 8 ᠰᠠᠷ᠎ᠠ ᠶᠢᠨ 1 ᠤ ᠡᠳᠦᠷ ᠠᠴᠠ 10 ᠰᠠᠷ᠎ᠠ ᠶᠢᠨ 20 ᠤ ᠡᠳᠦᠷ ᠪᠣᠯᠲᠠᠯ᠎ᠠ ︵ᠲᠣᠰ ᠡᠳᠦᠷ ᠢ ᠪᠠᠭᠲᠠᠭᠠᠨ᠎ᠠ︶᠃ 2022 ᠣᠨ ᠤ 10 ᠰᠠᠷ᠎ᠠ ᠶᠢᠨ 20 ᠤ ᠡᠳᠦᠷ ᠠᠴᠠ ᠬᠤᠶᠢᠰᠢ ᠰᠦᠢᠳᠬᠡᠯ ᠲᠤᠰᠢᠶᠠᠪᠠᠯ ᠡᠳᠦᠷ ᠲᠤ 2‰ ᠶᠢᠨ ᠭᠡᠷ᠎ᠡ ᠶᠢ ᠵᠥᠷᠢᠴᠡᠭᠰᠡᠨ ᠮᠥᠩᠭᠦ ᠨᠡᠮᠡᠵᠦ ᠬᠤᠷᠢᠶᠠᠨ᠎ᠠ᠃      ︵ᠬᠤᠶᠠᠷ︶ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠄ ᠰᠠᠭᠤᠭᠠᠯᠢ ᠠᠷᠠᠳ 2022 ᠣᠨ ᠤ 8 ᠰᠠᠷ᠎ᠠ ᠶᠢᠨ 1 ᠤ ᠡᠳᠦᠷ ᠠᠴᠠ 8 ᠰᠠᠷ᠎ᠠ ᠶᠢᠨ 15 ᠤ ᠡᠳᠦᠷ ᠪᠤᠯᠳᠠᠯ᠎ᠠ ᠡᠨᠡ ᠬᠤᠭᠤᠷᠣᠨᠳᠤ ᠨᠢᠭᠡ ᠯᠡ ᠤᠳᠠᠭ᠎ᠠ ᠲᠤᠰᠢᠶᠠᠵᠤ ᠲᠠᠭᠤᠰᠬᠠᠪᠠᠯ᠂ ᠢᠯᠴᠢ ᠬᠠᠩᠭᠠᠬᠤ ᠰᠦᠢᠳᠬᠡᠯ ᠤᠨ ᠶᠡᠷᠦᠩᠬᠡᠢ ᠲᠣᠭᠠᠨ ᠤ 2% ᠢᠶᠠᠷ ︵ᠬᠤᠳᠠᠯᠳᠤᠭᠠᠨ ᠤ ᠭᠡᠷ ᠪᠠᠶᠢᠰᠢᠩ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠦᠭᠡᠢ︶ ᠬᠠᠷᠠᠭᠠᠯᠵᠠᠯ ᠦᠵᠡᠭᠦᠯᠤᠨ᠎ᠡ︔ 2022 ᠣᠨ ᠤ 8 ᠰᠠᠷ᠎ᠠ ᠶᠢᠨ 16 ᠤ ᠡᠳᠦᠷ ᠠᠴᠠ 8 ᠰᠠᠷ᠎ᠠ ᠶᠢᠨ 31 ᠤ ᠡᠳᠦᠷ ᠪᠤᠯᠳᠠᠯ᠎ᠠ ᠡᠨᠡ ᠬᠤᠭᠤᠷᠣᠨᠳᠤ ᠨᠢᠭᠡ ᠯᠡ ᠤᠳᠠᠭ᠎ᠠ ᠲᠤᠰᠢᠶᠠᠵᠤ ᠲᠠᠭᠤᠰᠬᠠᠪᠠᠯ᠂ ᠢᠯᠴᠢ ᠬᠠᠩᠭᠠᠬᠤ ᠰᠦᠢᠳᠬᠡᠯ ᠤᠨ ᠶᠡᠷᠦᠩᠬᠡᠢ ᠲᠣᠭᠠᠨ ᠤ 1% ᠪᠠᠷ ︵ᠬᠤᠳᠠᠯᠳᠤᠭᠠᠨ ᠤ ᠭᠡᠷ ᠪᠠᠶᠢᠰᠢᠩ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠦᠭᠡᠢ︶ ᠬᠠᠷᠠᠭᠠᠯᠵᠠᠯ ᠦᠵᠡᠭᠦᠯᠤᠨ᠎ᠡ᠃     ᠳᠥᠷᠪᠡ᠂ ᠮᠡᠳᠡᠭᠦᠯᠦᠨ ᠵᠣᠭᠰᠤᠭᠠᠬᠤ ᠵᠦᠢᠯᠡᠰ ᠢ ᠭᠦᠢᠴᠡᠳᠭᠡᠬᠦ᠄     ︵ᠨᠢᠭᠡ︶ ᠢᠯᠴᠢ ᠭᠡᠷᠡᠭᠯᠡᠬᠦ ᠪᠠᠨ ᠮᠡᠳᠡᠭᠦᠯᠤᠨ ᠵᠣᠭᠰᠤᠭᠠᠬᠤ ᠴᠠᠭ᠄ 2022 ᠣᠨ ᠤ 8 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 15 ᠤ ᠡᠳᠦᠷ ᠪᠣᠯᠲᠠᠯ᠎ᠠ᠂ ᠬᠤᠭᠤᠴᠠᠭ᠎ᠠ ᠥᠩᠭᠡᠷᠡᠪᠡᠯ ᠭᠦᠢᠴᠡᠳᠬᠡᠵᠦ ᠥᠭᠬᠦ ᠦᠭᠡᠢ᠃     ︵ᠬᠤᠶᠠᠷ︶ ᠮᠡᠳᠡᠭᠦᠯᠦᠨ ᠵᠣᠭᠰᠤᠭᠠᠬᠤ ᠳᠤ ᠰᠦᠢᠳᠬᠡᠯ ᠬᠤᠷᠢᠶᠠᠬᠤ ᠪᠠᠷᠢᠮᠵᠢᠶ᠎ᠠ᠄ ᠱᠠᠯᠠ ᠪᠠᠷ ᠳᠤᠯᠠᠭᠠᠯᠠᠬᠤ ᠬᠡᠷᠡᠭᠯᠡᠭᠴᠢ ᠠᠴᠠ ᠬᠤᠷᠢᠶᠠᠬᠤ ᠰᠦᠢᠳᠬᠡᠯ ᠤᠨ ᠶᠡᠷᠦᠩᠬᠡᠢ ᠲᠤᠭ᠎ᠠ ᠶᠢᠨ 30% ᠪᠠᠷ ᠬᠤᠷᠢᠶᠠᠨ᠎ᠠ᠂ ᠪᠤᠰᠤᠳ ᠳᠤᠯᠠᠭᠠᠯᠠᠬᠤ ᠬᠡᠷᠡᠭᠯᠡᠭᠴᠢ ᠠᠴᠠ ᠬᠤᠷᠢᠶᠠᠬᠤ ᠰᠦᠢᠳᠬᠡᠯ ᠤᠨ ᠶᠡᠷᠦᠩᠬᠡᠢ ᠲᠤᠭ᠎ᠠ ᠶᠢᠨ 25% ᠪᠠᠷ ᠬᠤᠷᠢᠶᠠᠨ᠎ᠠ᠃     ︵ᠭᠤᠷᠪᠠ︶ ᠢᠯᠴᠢ ᠭᠡᠷᠡᠭᠯᠡᠬᠦ ᠪᠠᠨ ᠮᠡᠳᠡᠭᠦᠯᠦᠨ ᠵᠣᠭᠰᠤᠭᠠᠬᠤ ᠶᠢ ᠥᠯᠥ ᠵᠦᠪᠰᠢᠶᠡᠷᠡᠬᠦ ᠪᠠᠶᠢᠳᠠᠯ᠄ ᠣᠯᠠᠨ ᠳᠠᠪᠬᠤᠷᠭ᠎ᠠ ᠲᠠᠢ ᠠᠰᠠᠷ ᠤᠨ ᠲᠠᠩ ᠳᠠᠪᠬᠤᠷᠭ᠎ᠠ ᠶᠢᠨ ᠮᠡᠳᠡᠭᠦᠯᠦᠨ ᠵᠤᠭᠰᠤᠭᠠᠬᠤ  ᠡᠷᠦᠬᠡ᠂ ᠢᠯᠴᠢ ᠬᠡᠷᠡᠭᠯᠡᠭᠰᠡᠨ ᠰᠦᠢᠳᠬᠡᠯ ᠢᠶᠠᠨ ᠦᠷᠢᠳᠤᠵᠦ ᠪᠠᠶᠢᠭ᠎ᠠ ᠡᠷᠤᠭᠡ᠂ ᠢᠯᠴᠢ ᠬᠠᠩᠭᠠᠬᠤ ᠲᠣᠣᠷ ᠠᠴᠠ ᠪᠦᠲᠦᠮᠵᠢᠲᠡᠶ ᠰᠠᠯᠭᠠᠵᠦ ᠳᠡᠶᠢᠯᠬᠦ ᠦᠭᠡᠢ ᠡᠷᠤᠭᠡ᠂ ᠥᠩᠭᠡᠷᠡᠭᠰᠡᠨ ᠳᠤ ᠮᠡᠳᠡᠭᠦᠯᠦᠨ ᠵᠤᠭᠰᠤᠭᠠᠭᠰᠠᠨ ᠪᠤᠯᠪᠠᠴᠤ ᠤᠰᠤ ᠬᠡᠷᠡᠭᠯᠡᠭᠰᠡᠨ ᠦᠵᠡᠭᠳᠡᠯ ᠲᠠᠢ ᠪᠠ ᠬᠤᠯᠠᠭᠠᠶᠢᠯᠠᠨ ᠨᠡᠭᠡᠭᠡᠯᠭᠡ ᠶᠢ ᠨᠡᠭᠡᠭᠡᠭᠰᠡᠨ ᠵᠡᠷᠭᠡ ᠮᠠᠭᠤ ᠲᠡᠮᠳᠡᠭᠯᠡᠯ ᠲᠠᠢ ᠡᠷᠤᠭᠡ᠂ ᠭᠠᠳᠠᠨ᠎ᠠ ᠠᠴᠠ ᠵᠠᠯᠭᠠᠭᠰᠠᠨ ᠪᠠᠶᠢᠰᠢᠩ ᠭᠡᠷ ᠵᠢᠴᠢ ᠥᠪᠡᠷ ᠢᠶᠠᠨ ᠪᠠᠷᠢᠭᠰᠠᠨ ᠲᠤᠰᠠᠭᠠᠷ ᠠᠰᠠᠷ ᠮᠡᠳᠡᠭᠦᠯᠦᠨ ᠵᠤᠭᠰᠤᠭᠠᠬᠤ ᠶᠢ ᠵᠦᠪᠰᠢᠶᠡᠷᠡᠬᠦ ᠦᠭᠡᠢ      ︵ᠳᠥᠷᠪᠡ︶ ᠮᠡᠳᠡᠭᠦᠯᠦᠨ ᠵᠣᠭᠰᠤᠭᠠᠬᠤ ᠶᠢ ᠭᠦᠢᠴᠡᠳᠬᠡᠬᠦ ᠭᠠᠵᠠᠷ᠄ ᠢᠦᠢ ᠼᠦᠢ ᠶᠤᠸᠠᠨ ᠬᠤᠳᠠᠯᠳᠤᠭᠠᠨ ᠤ ᠠᠰᠠᠷ ᠤᠨ ᠢᠯᠴᠢ ᠬᠠᠩᠭᠠᠬᠤ ᠰᠦᠢᠳᠬᠡᠯ ᠬᠤᠷᠢᠶᠠᠬᠤ ᠶᠡᠭᠡ ᠲᠢᠩᠬᠢᠮ ︵ᠹᠦ᠋ ᠳ᠋ᠦᠩ ᠪᠠᠭ᠎ᠠ ᠲᠣᠭᠤᠷᠢᠭ ᠤᠨ ᠵᠡᠭᠦᠨ ᠲᠠᠯ᠎ᠠ︶      ᠤᠲᠠᠰᠤ᠄ 0475 ︱ 7234615     ᠲᠠᠪᠤ᠂ ᠢᠯᠴᠢ ᠬᠡᠷᠡᠭᠯᠡᠭᠰᠡᠨ ᠰᠦᠢᠳᠬᠡᠯ ᠢᠶᠠᠨ ᠦᠷᠢᠳᠤᠵᠦ ᠪᠠᠶᠢᠭ᠎ᠠ ᠡᠷᠤᠭᠡ᠄ ᠲᠣᠰ ᠢᠯᠴᠢ ᠬᠠᠩᠭᠠᠬᠤ ᠬᠤᠭᠤᠴᠠᠭ᠎ᠠ ᠠᠴᠠ ᠡᠮᠦᠨ᠎ᠡ ᠲᠡᠰᠦᠯᠦᠨ ᠪᠤᠳᠤᠬᠤ ᠬᠡᠷᠡᠭᠳᠠᠢ ︵2022 ᠣᠨ ᠤ 10 ᠰᠠᠷ᠎ᠠ ᠶᠢᠨ 15 ᠤ ᠡᠳᠦᠷ ᠠᠴᠠ ᠡᠮᠦᠨ᠎ᠡ︶᠂ ᠡᠰᠡ ᠲᠡᠭᠡᠪᠡᠯ ᠲᠣᠰ ᠵᠢᠯ ᠳᠤ ᠢᠯᠴᠢ ᠬᠠᠩᠭᠠᠬᠤ ᠦᠭᠡᠢ᠃     ᠵᠢᠷᠭᠤᠭ᠎ᠠ᠂ ᠢᠯᠴᠢ ᠬᠠᠩᠭᠠᠬᠤ ᠰᠢᠰᠲ᠋ᠧᠮ ᠲᠤ ᠤᠰᠤ ᠣᠷᠣᠭᠤᠯᠬᠤ ᠴᠠᠭ᠄ 2022 ᠣᠨ ᠤ 10 ᠰᠠᠷ᠎ᠠ ᠶᠢᠨ 8 ᠤ ᠡᠳᠦᠷ ᠠᠴᠠ ᠡᠬᠢᠯᠡᠨ ᠵᠠᠯᠭᠠᠭ᠎ᠠ ᠪᠠᠷ ᠤᠰᠤ ᠣᠷᠣᠭᠤᠯᠤᠨ᠎ᠠ᠂ ᠡᠯ᠎ᠡ ᠪᠠᠭ᠎ᠠ ᠲᠣᠭᠤᠷᠢᠭ ᠤᠨ ᠠᠳᠠᠯ ᠠᠬᠤᠢ ᠪᠠ ᠢᠯᠴᠢ ᠬᠡᠷᠡᠭᠯᠡᠬᠦ ᠡᠷᠦᠬᠡ ᠬᠢᠨ ᠪᠠᠭ᠎ᠠ ᠲᠣᠭᠤᠷᠢᠭ ᠭᠡᠷ ᠤᠨ ᠳᠣᠲᠣᠨ᠎ᠠ ᠭᠠᠳᠠᠨᠠᠬᠢ ᠢᠯᠴᠢ ᠬᠠᠩᠭᠠᠬᠤ ᠪᠡᠯᠡᠳᠬᠡᠮᠵᠢ ᠵᠢᠴᠢ ᠨᠡᠭᠡᠯᠡᠭᠡᠢ ᠶᠢᠨ ᠪᠦᠷᠢᠨ ᠪᠦᠲᠦᠨ ᠪᠠᠶᠢᠬᠤ ᠡᠰᠡᠬᠦ ᠶᠢ ᠪᠠᠶᠢᠴᠠᠭᠠᠵᠤ᠂ ᠤᠰᠤ ᠭᠤᠭᠤᠵᠢᠬᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠳᠠᠢ ︵ᠤᠰᠤ ᠤᠷᠤᠭᠤᠯᠬᠤ ᠦᠶ᠎ᠡ ᠳᠤ ᠳᠠᠭᠢᠵᠤ ᠠᠰ ᠲᠤᠨᠢ ᠮᠡᠳᠡᠭᠳᠡᠬᠦ ᠦᠭᠡᠢ︶᠃      ᠲᠤᠯᠤᠭ᠎ᠠ᠂ ᠰᠦᠢᠳᠬᠡᠯ ᠲᠤᠰᠢᠶᠠᠬᠤ ᠭᠠᠵᠠᠷ᠄     1. ᠢᠦᠢ ᠼᠦᠢ ᠶᠤᠸᠠᠨ ᠬᠤᠳᠠᠯᠳᠤᠭᠠᠨ ᠤ ᠠᠰᠠᠷ ᠤᠨ ᠢᠯᠴᠢ ᠬᠠᠩᠭᠠᠬᠤ ᠰᠦᠢᠳᠬᠡᠯ ᠬᠤᠷᠢᠶᠠᠬᠤ ᠶᠡᠭᠡ ᠲᠢᠩᠬᠢᠮ    ᠤᠲᠠᠰᠤ᠄ 0475 ︱ 7234615     2. ᠸᠧᠢ ᠯᠢᠨ ᠮᠢᠩ ᠶᠤᠸᠠᠨ ᠤ ᠵᠠᠮ ᠤᠨ ᠬᠤᠶᠢᠲᠤ ᠬᠡᠰᠡᠭ ᠤᠨ ᠢᠯᠴᠢ ᠬᠠᠩᠭᠠᠬᠤ ᠰᠦᠢᠳᠬᠡᠯ ᠬᠤᠷᠢᠶᠠᠬᠤ ᠶᠡᠭᠡ ᠲᠢᠩᠬᠢᠮ    ᠤᠲᠠᠰᠤ᠄ 0475︱ 6373969     3. ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠣᠷᠣᠯᠠᠨ ᠬᠤᠷᠢᠶᠠᠬᠤ ᠴᠡᠭ     ᠤᠲᠠᠰᠤ᠄ 0475︱ 7226977      ᠬᠠᠯᠠᠭᠤᠮᠰᠤᠭ ᠰᠠᠨᠠᠭᠤᠯᠤᠮᠵᠢ᠄     1. ᠢᠯᠴᠢ ᠬᠡᠷᠡᠭᠯᠡᠬᠦ ᠡᠷᠦᠬᠡ ᠬᠢᠨ ᠮᠦᠩᠭᠡ ᠰᠤᠪᠠᠭ᠂ ᠸᠢᠴᠠᠲ᠂ ᡁᠢ ᠹᠦ᠋ ᠪᠤᠤ ᠵᠡᠷᠭᠡ ᠪᠠᠷ ᠳᠡᠮᠵᠢᠨ ᠥᠪᠡᠰᠦᠪᠡᠨ ᠰᠦᠢᠳᠬᠡᠯ ᠲᠤᠰᠢᠶᠠᠵᠤ ᠪᠣᠯᠣᠨ᠎ᠠ᠂ ᠪᠠᠰᠠ ᠢᠯᠴᠢ ᠬᠠᠩᠭᠠᠬᠤ ᠰᠦᠢᠳᠬᠡᠯ ᠬᠤᠷᠢᠶᠠᠬᠤ ᠲᠢᠩᠬᠢᠮ᠂ ᠪᠠᠩᠬᠢ ᠶᠢᠨ ᠣᠷᠣᠯᠠᠨ ᠬᠤᠷᠢᠶᠠᠬᠤ ᠴᠡᠭ ᠲᠤ ᠬᠦᠷᠴᠦ ᠰᠦᠢᠳᠬᠡᠯ ᠲᠤᠰᠢᠶᠠᠵᠤ ᠪᠣᠯᠣᠨ᠎ᠠ᠃ ᠬᠡᠪ ᠤᠨ ᠰᠦᠢᠳᠬᠡᠯ ᠬᠤᠷᠢᠶᠠᠬᠤ ᠬᠤᠭᠤᠴᠠᠭᠠᠨ ᠳᠤ᠂ ᠦᠳᠡ ᠳᠤ ᠪᠠ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠵᠡᠷᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠠᠮᠠᠷᠠᠬᠤ ᠦᠭᠡᠢ᠃    2. ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠪᠠᠷ᠂ ᠥᠷᠭᠡᠨ ᠣᠯᠠᠨ ᠢᠯᠴᠢ ᠬᠡᠷᠡᠭᠯᠡᠬᠦ ᠡᠷᠦᠬᠡ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠡᠭᠡᠨ᠂ ᠤᠬᠠᠮᠰᠠᠷ ᠠᠴᠠ ᠪᠠᠨ ᠮᠥᠷᠯᠡᠵᠦ᠂ ᠬᠤᠭᠤᠷᠤᠨᠳᠤᠬᠢ ᠵᠠᠢ ᠪᠠᠨ ᠪᠠᠲᠤᠯᠠᠬᠤ ᠶᠢᠨ ᠬᠠᠮᠲᠤ ᠠᠮᠠᠪᠴᠢ ᠵᠡᠭᠦᠬᠦ ᠬᠡᠷᠡᠭᠲᠡᠢ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号