ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦᠢ ᠶᠦᠩ ᠴᠧᠩ ᠪᠦᠯᠬᠦᠮ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠦ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2022/8/11
    8 ᠰᠠᠷ᠎ᠠ ᠶᠢᠨ 9 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦᠢ ᠶᠦᠩ ᠴᠧᠩ᠂ ᠳᠡᠳ᠋ ᠲᠡᠷᠢᠭᠦᠯᠡᠭᠴᠢ ᠱᠧᠩ ᠴᠢᠨ᠂ ᠰᠢᠦᠢ ᠪᠦᠦ ᠵᠢᠶᠦ᠋ᠨ᠂ ᠪᠠᠢ ᠬᠤᠩ ᠮᠧᠶ᠂ ᠭᠤᠸ ᡁᠢ ᠹᠧᠩ᠂ ᠪᠦᠦ ᠬᠠᠢ ᠮᠧᠶ᠂ ᠪᠦᠦ ᠯᠢ ᠴᠢᠶᠦ᠋ᠨ᠂ ᠨᠠᠷᠢᠨ ᠪᠢᠴᠢᠭ ᠤᠨ ᠳᠠᠷᠤᠭ᠎ᠠ ᠢᠦᠢ ᠳ᠋ᠧ ᠴᠢᠤᠸᠠᠨ ᠵᠢᠴᠢ ᠡᠯ᠎ᠡ ᠬᠤᠰᠢᠭᠤ ᠰᠢᠶᠠᠨ ︵ᠬᠤᠲᠠ ᠲᠣᠭᠤᠷᠢᠭ︶ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠨᠠᠷ ᠵᠠᠷᠤᠳ ᠬᠤᠰᠢᠭᠤᠨ ᠳᠤ ᠢᠷᠡᠵᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠤᠨ ᠲᠤᠬᠠᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ᠂ ᠳᠡᠳ᠋ ᠲᠡᠷᠢᠭᠦᠯᠡᠭᠴᠢ ᠮᠦᠩᠭᠦᠨᠬᠤᠸᠠᠷ᠂ ᠦ᠋ ᠰᠢᠶᠣᠣ᠂ ᠳ᠋ᠠᠢ ᠪᠦᠦ ᠯᠢᠨ᠂ ᠸᠠᠩ ᠴᠧᠩ ᠪᠠᠷ᠎ᠠ ᠪᠣᠯᠪᠠ᠃     
微信图片_20220811100656.jpg
     ᠯᠢᠦᠢ ᠶᠦᠩ ᠴᠧᠩ ᠨᠠᠷ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ᠯᠦᠪᠸᠢ ᠪᠠᠯᠭᠠᠰᠤᠨ ᠤ ᠬᠠᠷ᠎ᠠ ᠪᠤᠯᠤᠩ ᠲᠣᠰᠬᠤᠨ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠢᠶᠠ ᠱᠢ ᠵᠢᠶᠧ ᠬᠤᠳᠠᠯᠳᠤᠭᠠᠨ  ᠤ ᠲᠠᠯᠠᠪᠠᠢ᠂ ᠯᠦᠪᠸᠢ ᠵᠡᠭᠡᠯᠢ ᠭᠤᠳᠤᠮᠵᠢ ᠶᠢᠨ ᠰᠢᠶᠠᠩ ᠭᠧ ᠯᠢ ᠯᠡ ᠨᠡᠶᠢᠭᠡᠮ ᠲᠣᠭᠤᠷᠢᠭ ᠵᠡᠷᠭᠡ ᠭᠠᠵᠠᠷ ᠤᠳ ᠢᠶᠠᠷ ᠬᠦᠷᠪᠡ᠃ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠶᠢᠯᠤᠮᠵᠢ ᠰᠣᠨᠣᠰᠬᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ  ᠲᠠᠮᠵᠢᠨ᠂ ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ︽ᠭᠡᠰᠢᠭᠦᠳ ᠤᠨ ᠦᠷᠤᠭᠡ︾ ︽ᠡᠲᠡᠭᠡᠳ ᠤᠨ ᠢᠯᠭᠠᠯ ᠤᠨ ᠠᠵᠢᠯᠯᠠᠭᠠᠨ ᠤ ᠲᠠᠰᠤᠭ︾ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠬᠡᠷᠡᠭᠯᠡᠯᠲᠡ ᠶᠢᠨ ᠪᠠᠶᠢᠳᠠᠯ ᠪᠠ ︽ᠬᠤᠶᠠᠷ ᠬᠤᠳᠠᠯᠳᠤᠭᠠᠴᠢᠨ ᠢ ᠵᠣᠯᠭᠠᠭᠤᠯᠬᠤ︾᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠭᠦᠢᠴᠡᠳᠭᠡᠭᠰᠡᠨ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠪᠠ᠃    
微信图片_20220811100701.jpg
      ᠯᠢᠦᠢ ᠶᠦᠩ ᠴᠧᠩ ᠠᠴᠠ ᠵᠠᠷᠤᠳ ᠬᠤᠰᠢᠭᠤᠨ ᠤ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠂ ᠪᠥᠬᠦ ᠬᠤᠰᠢᠭᠤ ᠪᠠᠷ ᠢᠶᠠᠨ ︽ᠭᠡᠰᠢᠭᠦᠳ ᠤᠨ ᠦᠷᠤᠭᠡ︾ ︽ᠡᠲᠡᠭᠡᠳ ᠤᠨ ᠢᠯᠭᠠᠯ ᠤᠨ ᠠᠵᠢᠯᠯᠠᠭᠠᠨ ᠤ ᠲᠠᠰᠤᠭ︾ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠥᠷᠨᠢᠭᠦᠯᠵᠦ᠂ ᠣᠯᠠᠨ ᠲᠦᠮᠡᠨ ᠲᠠᠢ ᠣᠶᠢᠷᠠᠲᠤᠨ᠂ ᠲᠠᠶᠢᠯᠪᠤᠷᠢᠯᠠᠯᠲᠠ ᠶᠢᠨ ᠭᠤᠣᠯ ᠱᠤᠭᠤᠮ ᠲᠣᠳᠣᠷᠬᠠᠢ᠂ ᠠᠭᠤᠯᠤᠭᠳᠠᠬᠤᠨ ᠲᠠᠢ ᠭᠡᠵᠦ ᠦᠵᠡᠪᠡ᠃ ᠯᠢᠦᠢ ᠶᠦᠩ ᠴᠧᠩ ᠱᠠᠭᠠᠷᠳᠠᠭᠰᠠᠨ ᠨᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠦᠢᠯᠡᠴᠢᠯᠡᠭᠡᠨ ᠤ ᠴᠢᠳᠠᠮᠵᠢ ᠶᠢ ᠰᠠᠶᠢᠲᠤᠷ ᠪᠠᠳᠠᠷᠠᠭᠤᠯᠵᠤ᠂ ︽ᠵᠢᠷᠭᠤᠭᠠᠨ ᠨᠢᠭᠡ︾ ︽ᠳᠥᠷᠪᠡᠨ ᠨᠢᠭᠡ︾ ᠶᠢᠨ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ ᠪᠦᠲᠦᠭᠡᠯ ᠢ ᠦᠨᠳᠦᠰᠦᠨ ᠱᠠᠲᠤᠨ ᠤ ᠵᠠᠰᠠᠯᠲᠠ ᠳᠤ ᠣᠷᠤᠯᠴᠠᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠲᠤᠰᠬᠠᠢ ᠺᠣᠮᠢᠰ᠂ ᠡᠯ᠎ᠡ ᠡᠲᠡᠭᠡᠳ ᠤᠨ ᠳᠤᠭᠤᠶᠢᠯᠠᠩ ᠢᠶᠠᠷ ᠲᠦᠰᠢᠭ ᠪᠣᠯᠭᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠢᠳᠡᠪᠬᠢᠵᠢᠯ ᠢ ᠲᠠᠶᠢᠴᠢᠯᠠᠨ᠂ ᠡᠲᠡᠭᠡᠳ ᠤᠨ ᠢᠯᠭᠠᠯ ᠤᠨ ᠤᠯᠠᠨ ᠲᠦᠮᠡᠨ ᠤ ᠬᠦᠴᠦᠨ ᠢ ᠨᠢᠭᠲᠠᠷᠠᠭᠤᠯᠵᠤ᠂ ᠭᠡᠰᠢᠭᠦᠳ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠨᠥᠬᠦᠴᠡᠯ ᠪᠦᠷᠢᠯᠳᠦᠭᠦᠯᠦᠨ ᠥᠭᠴᠦ᠂ ᠲᠠᠪᠴᠠᠩ ᠬᠠᠩᠭᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号