ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠤᠳᠠᠯ ᠤᠨ ᠲᠡᠮᠳᠡᠭᠯᠡᠯ ︵2022 ᠣᠨ ᠤ 7 ᠰᠠᠷ᠎ᠠ︶
ᠨᠡᠶᠢᠲᠡᠯᠡᠭᠰᠡᠨ ᠴᠠᠭ᠄
2022/8/15
    7 ᠰᠠᠷ᠎ᠠ ᠶᠢᠨ 1 ᠤ ᠡᠳᠦᠷ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠡᠷᠬᠢᠯᠡᠭᠴᠢ ᠭᠦᠸᠧ ᠶᠠ ᠹᠧᠩ ᠵᠠᠯᠠᠭᠤᠴᠤᠳ ᠪᠠᠭᠠᠴᠤᠳ ᠤᠨ ᠵᠢᠭᠤᠯᠴᠢᠯᠠᠯ ᠤᠨ ᠰᠠᠭᠤᠷᠢᠨ ᠭᠠᠵᠠᠷ ᠤᠨ ᠨᠠᠮ ᠤᠨ ᠲᠡᠦᠬᠡ ᠶᠢ ᠰᠤᠷᠤᠯᠴᠠᠬᠤ ᠠᠵᠢᠯᠯᠠᠭ᠎ᠠ ᠶᠢᠨ ᠡᠬᠢᠯᠡᠬᠦ ᠶᠣᠰᠣᠯᠠᠯ ᠳᠤ ᠣᠷᠣᠯᠴᠠᠪᠠ᠃    7 ᠰᠠᠷ᠎ᠠ ᠶᠢᠨ 5 ᠤ ᠡᠳᠦᠷ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ᠂ ᠨᠠᠰᠤᠳᠠᠶᠢᠴᠤᠳ ᠢ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃   7 ᠰᠠᠷ᠎ᠠ ᠶᠢᠨ 7 ᠤ ᠡᠳᠦᠷ᠂ ᠮᠠᠨ ᠤ ᠬᠤᠰᠢᠭᠤ ᠪᠣᠯᠣᠨ ᠵᠦᠩ ᠴᠧᠩ ᠪᠦᠯᠤᠭ᠍ᠯᠡᠯ ᠲᠦᠷᠦᠯ ᠵᠦᠢᠯ ᠤᠨ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ ᠬᠤᠷᠠᠯ ᠳᠤ ᠤᠷᠤᠯᠴᠠᠪᠠ᠃   7 ᠰᠠᠷ᠎ᠠ ᠶᠢᠨ 7 ᠤ ᠡᠳᠦᠷ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ  ᠬᠤᠩᠬᠠᠳᠤ ᠠᠭᠤᠯᠠ ᠪᠠᠯᠭᠠᠰᠤ ᠠᠴᠠ ᠲᠤᠯᠤᠳᠤ ᠰᠤᠮᠤ ᠬᠦᠷᠬᠦ ᠵᠠᠰᠠᠮᠠᠯ ᠵᠠᠮ ᠢ ᠦᠷᠭᠡᠳᠭᠡᠨ ᠲᠡᠪᠢᠰᠬᠦ ᠪᠠᠷᠢᠯᠭ᠎ᠠ ᠶᠢᠨ ᠠᠵᠢᠯ ᠢ ᠪᠠᠶᠢᠴᠠᠭᠠᠨ ᠰᠤᠳᠤᠯᠤᠯᠲᠠ ᠬᠢᠪᠡ᠃   7 ᠰᠠᠷ᠎ᠠ ᠶᠢᠨ 8 ᠤ ᠡᠳᠦᠷ᠂ ᠮᠠᠨ ᠤ ᠬᠤᠰᠢᠭᠤ ᠲᠦᠷᠦᠯ ᠵᠦᠢᠯ ᠢ ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠶᠠᠪᠤᠭᠤᠯᠪᠠ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠶᠣᠰᠣᠯᠠᠯ ᠳᠤ ᠣᠷᠣᠯᠴᠠᠵᠠᠢ᠃   7 ᠰᠠᠷ᠎ᠠ ᠶᠢᠨ 8 ᠤ ᠡᠳᠦᠷ᠂ ᠮᠠᠨ ᠤ ᠬᠤᠰᠢᠭᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠷᠭᠢᠯᠡᠭᠴᠢ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠺᠣᠮᠠᠨᠳ᠋ᠯᠠᠭᠴᠢ ᠪᠠᠲᠤ ᠬᠤᠷᠠᠯ ᠳᠤ ᠤᠷᠤᠯᠴᠠᠪᠠ᠃   7 ᠰᠠᠷ᠎ᠠ ᠶᠢᠨ 9 ᠤ ᠡᠳᠦᠷ᠂ ᠮᠠᠨ ᠤ ᠬᠤᠰᠢᠭᠤ ᠾᠧᠨᠠᠨ ᠮᠤᠵᠢ ᠶᠢᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠲᠠᠢ ᠲᠥᠷᠥᠯ ᠵᠦᠢᠯ ᠤᠨ  ᠰᠠᠭᠤᠳᠠᠯ ᠤᠨ ᠬᠤᠷᠠᠯ ᠬᠢᠪᠡ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠬᠤᠷᠠᠯ ᠳᠤ  ᠤᠷᠤᠯᠴᠠᠪᠠ᠃    7 ᠰᠠᠷ᠎ᠠ ᠶᠢᠨ 11 ᠤ ᠡᠳᠦᠷ᠂ ᠮᠠᠨ ᠤ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠣᠯᠠᠨ ᠲᠦᠮᠡᠨ ᠳᠤ ᠪᠣᠳᠠᠲᠠᠢ ᠶᠠᠪᠤᠳᠠᠯ ᠪᠦᠲᠦᠭᠡᠵᠦ ᠥᠭᠬᠦ᠂ ᠵᠠᠢ ᠦᠭᠡᠢ ᠤᠶᠢᠯᠡᠴᠢᠯᠡᠬᠦ ︽ᠭᠡᠷ ᠪᠠᠶᠢᠰᠢᠩ ᠲᠤᠰᠢᠶᠠᠬᠤ ᠶᠢᠨ ᠲᠠᠭᠠᠤ ᠦᠨᠡᠮᠯᠡᠯ ᠦᠭᠬᠦ︾ ᠲᠤᠷᠰᠢᠯᠲᠠ ᠶᠢᠨ ᠴᠢᠭ᠋ ᠤᠨ ᠶᠣᠰᠣᠯᠠᠯ ᠶᠠᠪᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ ᠶᠣᠰᠣᠯᠠᠯ ᠳᠤ ᠤᠷᠤᠯᠴᠠᠪᠠ᠃   7 ᠰᠠᠷ᠎ᠠ ᠶᠢᠨ 12 ᠤᠨ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠥᠪᠥᠷ ᠮᠣᠩᠭᠤᠯ ᠤᠨ ᠰᠧᠴᠤᠸᠠᠨ ᠤ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠴᠧᠨ ᠰᠢᠩ ᠭᠦᠸᠧ ᠨᠠᠷ ᠲᠠᠢ ᠬᠤᠳᠠᠯᠳᠤᠭᠠᠴᠢᠨ ᠤᠷᠢᠬᠤ ᠬᠠᠮᠲᠤᠷᠠᠯᠴᠠᠭᠠᠨ ᠤ ᠲᠥᠷᠥᠯ ᠵᠦᠢᠯ ᠤᠨ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃   7 ᠰᠠᠷ᠎ᠠ ᠶᠢᠨ 12 ᠤᠨ ᠡᠳᠦᠷ᠂ ᠮᠠᠨ ᠤ ᠬᠤᠰᠢᠭᠤ ᠠᠨᠴᠢᠯ ᠤᠨ ᠪᠣᠯᠪᠠᠰᠤᠷᠠᠯ ᠤᠨ ᠲᠥᠪ ᠤᠨ ᠰᠤᠷᠤᠭᠴᠢ ᠶᠢᠨ ᠲᠡᠭᠦᠰᠬᠦ ᠶᠣᠰᠣᠯᠠᠯ ᠵᠢᠴᠢ ᠨᠢᠭᠦᠯᠡᠰᠦᠩᠭᠦᠢ ᠤᠶᠢᠯᠡᠰ ᠤᠨ ᠶᠡᠷᠦᠩᠬᠡᠢ ᠨᠡᠶᠢᠭᠡᠮᠯᠢᠭ ᠠᠴᠠ ᠬᠠᠨᠳᠢᠪ ᠡᠷᠭᠦᠭᠰᠡᠳ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠡ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠠᠵᠢᠯᠯᠠᠭ᠎ᠠ ᠳᠤ ᠤᠷᠤᠯᠴᠠᠪᠠ᠃   7 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠱᠠᠩ ᠲᠤᠩ ︵ᠴᠢᠩᠳᠣᠣ︶ ᠤᠨ ᠣᠯᠠᠨ ᠤᠯᠤᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠲᠠᠢ ᠰᠠᠭᠤᠳᠠᠯ ᠤᠨ ᠬᠤᠷᠠᠯ ᠬᠢᠪᠡ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠬᠤᠷᠠᠯ ᠳᠤ ᠤᠷᠤᠯᠴᠠᠪᠠ᠃    7 ᠰᠠᠷ᠎ᠠ ᠶᠢᠨ 12 ᠤᠨ ᠡᠳᠦᠷ᠂ ᠮᠠᠨ ᠤ ᠬᠤᠰᠢᠭᠤ 2022 ᠣᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ ᠬᠤᠷᠠᠯ ᠬᠢᠪᠡ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠬᠤᠷᠠᠯ ᠳᠤ  ᠤᠷᠤᠯᠴᠠᠪᠠ᠃    7 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠭᠠᠴᠠᠭ᠎ᠠ ᠲᠣᠰᠬᠤᠨ ᠤ ︽ᠭᠤᠷᠪᠠ ᠬᠦᠷᠦᠩᠭᠡ︾ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ  ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠤᠰᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦ ᠶᠣᠣ ᠬᠤᠷᠠᠯ ᠳᠤ ᠣᠷᠣᠯᠴᠠᠪᠠ᠃    7 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠳᠤᠮᠳᠠᠳᠤ ᠤᠯᠤᠰ ᠤᠨ ᠯᠠᠪᠯᠠᠭ᠎ᠠ ᠬᠠᠩᠭᠠᠬᠤ ᠬᠤᠲᠠᠴᠢᠯᠠᠯᠲᠠ ᠶᠢᠨ ᠬᠥᠭᠵᠢᠯᠲᠡ ᠶᠢᠨ ᠲᠥᠪ ᠲᠠᠢ ᠰᠠᠭᠤᠳᠠᠯ ᠤᠨ ᠬᠤᠷᠠᠯ ᠬᠢᠪᠡ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ ᠰᠠᠭᠤᠳᠠᠯ ᠤᠨ ᠬᠤᠷᠠᠯ ᠳᠤ ᠣᠷᠣᠯᠴᠠᠪᠠ᠃   7 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠢ ᠲᠤᠰᠬᠠᠢ ᠠᠬᠢᠭᠤᠯᠬᠤ ᠬᠤᠷᠠᠯ ᠬᠢᠪᠡ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠬᠤᠷᠠᠯ ᠳᠤ ᠤᠷᠤᠯᠴᠠᠪᠠ᠃    7 ᠰᠠᠷ᠎ᠠ ᠶᠢᠨ 14 ᠤ ᠡᠳᠦᠷ᠂ ᠮᠠᠨ ᠤ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠵᠠᠷᠤᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠲᠤᠰᠬᠠᠢ ᠰᠡᠳᠦᠪᠲᠦ ᠵᠥᠪᠯᠡᠯᠭᠡᠨ ᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠲᠡᠳ᠋ ᠳᠠᠷᠤᠭ᠎ᠠ᠂ ᠤᠰᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦ ᠶᠣᠣ ᠬᠤᠷᠠᠯ ᠳᠤ ᠣᠷᠣᠯᠴᠠᠪᠠ᠃    7 ᠰᠠᠷ᠎ᠠ ᠶᠢᠨ 14 ᠤ ᠡᠳᠦᠷ᠂ ᠮᠠᠨ ᠤ ᠬᠤᠰᠢᠭᠤ 2022 ᠣᠨ ᠤ ᠲᠦᠩᠯᠢᠶᠣᠣ ᠬᠤᠲᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠰᠣᠶᠣᠯ ᠢ ᠤᠯᠠᠮᠵᠢᠯᠠᠬᠤ ᠠᠵᠢᠯᠯᠠᠭ᠎ᠠ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠲᠠᠳ ᠡᠮ ᠡᠮᠨᠡᠯᠭᠡ ᠶᠢᠨ ᠬᠠᠤᠯᠢ︾ ᠶᠢ ᠬᠡᠷᠡᠭᠵᠢᠭᠦᠯᠦᠭᠰᠡᠨ ᠲᠠᠪᠤᠨ ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠠᠪᠤᠭᠳᠠᠭᠤᠯᠪᠠ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠠᠵᠢᠯᠯᠠᠭ᠎ᠠ ᠳᠤ ᠤᠷᠤᠯᠴᠠᠪᠠ᠃   7 ᠰᠠᠷ᠎ᠠ ᠶᠢᠨ 15 ᠤ ᠡᠳᠦᠷ᠂ ᠮᠠᠨ ᠤ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠡᠷᠡᠭ ᠡᠷᠬᠢᠯᠡᠭᠴᠢᠳ ᠤᠨ ᠬᠤᠷᠠᠯ ᠬᠢᠪᠠ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠳ᠋ᠦᠩ ᠭᠤᠸᠠᠩ ᠢᠦᠢ ᠬᠤᠷᠠᠯ ᠳᠤ ᠤᠷᠤᠯᠴᠠᠪᠠ᠃   7 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦᠨᠳᠦᠰᠦᠲᠡᠨ ᠤ ᠰᠤᠳᠤᠯᠤᠯ ᠪᠠ ᠬᠥᠮᠥᠨ ᠲᠥᠷᠥᠯᠬᠢᠲᠡᠨ ᠤ ᠰᠤᠳᠤᠯᠤᠯ ᠤᠨ ᠭᠠᠵᠠᠷ ᠬᠢᠨ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠳᠠ ᠬᠢᠪᠡ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠶᠠ ᠹᠧᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃   7 ᠰᠠᠷ᠎ᠠ ᠶᠢᠨ 17 ᠤ ᠡᠳᠦᠷ᠂ ᠮᠠᠨ ᠤ ᠬᠤᠰᠢᠭᠤ ᠬᠤᠳᠠᠯᠳᠤᠭᠠᠴᠢᠨ ᠤᠷᠢᠵᠤ ᠪᠡᠯᠡ ᠲᠠᠳᠠᠬᠤ ᠲᠥᠷᠥᠯ ᠵᠦᠢᠯ ᠤᠨ ᠵᠥᠪᠳᠡᠯᠴᠡᠭᠡᠨ ᠤ ᠬᠤᠷᠠᠯ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠣᠷᠣᠨ ᠪᠦᠰᠡ ᠶᠢᠨ ᠠᠵᠤ ᠠᠬᠤᠢ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠲᠠᠷᠤᠭ᠎ᠠ ᠯᠢ ᠶᠦᠩ ᠬᠠᠢ ᠬᠤᠷᠠᠯ ᠳᠤ ᠤᠷᠤᠯᠴᠠᠪᠠ᠃   7 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠪᠥᠬᠦ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃   7 ᠰᠠᠷ᠎ᠠ ᠶᠢᠨ 20 ᠤ ᠡᠳᠦᠷ᠂ ᠮᠠᠨ ᠤ ᠬᠤᠰᠢᠭᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ · ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ︱ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠮᠢᠨᠤ ᠦᠯᠤᠭᠡᠢ · ᠨᠠᠷᠠᠲᠤ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠡᠷᠭᠢᠯᠡᠪᠡ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠠᠵᠢᠯᠯᠠᠭ᠎ᠠ ᠳᠤ ᠤᠷᠤᠯᠴᠠᠪᠠ᠃   7 ᠰᠠᠷ᠎ᠠ ᠶᠢᠨ 21 ᠤ ᠡᠳᠦᠷ᠂ ᠮᠠᠨ ᠤ ᠬᠤᠰᠢᠭᠤᠨ ᠤ ᠬᠤᠷᠢᠳᠤᠭᠠᠷ ᠬᠤᠭᠤᠴᠠᠭᠠᠨ ᠤ ︽ᠬᠤᠶᠠᠷ ᠢ ᠬᠦᠷᠢᠶᠡᠯᠡᠬᠦ ᠬᠤᠨᠳᠠᠭᠠᠲᠤ︾ ᠰᠠᠭᠰᠤᠨ ᠪᠥᠮᠪᠦᠭᠡ ᠶᠢᠨ ᠤᠷᠤᠯᠳᠤᠭᠠᠨ ᠡᠬᠢᠯᠡᠪᠡ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    7 ᠰᠠᠷ᠎ᠠ ᠶᠢᠨ 22 ᠤᠨ ᠡᠳᠦᠷ᠂ ᠮᠠᠨ ᠤ ᠬᠤᠰᠢᠭᠤ  ᠴᠤᠤ ᠶᠢᠨ ᠬᠥᠩᠭᠡᠨᠴᠠᠭᠠᠨ ᠤ ᠦᠢᠯᠡᠰ ᠬᠢᠨ ᠲᠠᠢ ᠰᠠᠭᠤᠳᠠᠯ ᠤᠨ ᠬᠤᠷᠠᠯ ᠬᠢᠪᠡ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠣᠷᠣᠨ ᠪᠦᠰᠡ ᠶᠢᠨ ᠠᠵᠤ ᠠᠬᠤᠢ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠬᠤᠷᠠᠯ ᠳᠤ ᠤᠷᠤᠯᠴᠠᠪᠠ᠃    7 ᠰᠠᠷ᠎ᠠ ᠶᠢᠨ 23 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠠᠷᠪᠠᠨ ᠭᠤᠷᠪᠠᠳᠤᠭᠠᠷ ᠬᠤᠭᠤᠴᠠᠭᠠᠨ ᠤ 33 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠶᠣᠣ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠤᠤ ᠢᠦᠢ ᠯᠦᠩ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠳ᠋ᠢᠩ ᡁᠢ ᠭᠠᠩ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦᠩ ᠭᠤᠸᠠᠩ ᠢᠦᠢ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠶᠠ ᠹᠧᠩ ᠬᠤᠷᠠᠯ ᠳᠤ ᠤᠷᠤᠯᠴᠠᠪᠠ᠃    7 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠱᠠᠭᠠᠷᠳᠠᠨ ᠵᠢᠯᠤᠭᠤᠳᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠲᠠᠷᠢᠯᠭ᠎ᠠ ᠬᠢᠬᠦ ᠠᠵᠢᠯ ᠢ ᠱᠠᠭᠠᠷᠳᠠᠨ ᠵᠢᠯᠣᠭᠤᠳᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠶᠠ ᠹᠧᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠤᠶᠤ ᠰᠠᠭᠤᠳᠠᠯ ᠤᠨ ᠬᠤᠷᠠᠯ ᠳᠤ ᠤᠷᠤᠯᠴᠠᠪᠠ     7 ᠰᠠᠷ᠎ᠠ ᠶᠢᠨ 26 ᠤ ᠡᠳᠦᠷ᠂ ᠪᠥᠬᠦ ᠬᠤᠲᠠ ᠶᠢᠨ ᠠᠮᠢᠨ ᠬᠡᠷᠡᠭ ᠳᠠᠷᠤᠭᠳᠠᠮᠠᠯ ᠬᠡᠷᠡᠭ ᠢ ᠡᠪᠳᠡᠬᠦ ᠠᠵᠢᠯ ᠢ ᠠᠬᠢᠭᠤᠯᠬᠤ ᠬᠤᠷᠠᠯ ᠮᠠᠨ ᠤ ᠬᠤᠰᠢᠭᠤᠨ ᠳᠤ ᠬᠤᠷᠠᠯᠳᠤᠪᠠ᠃ ᠲᠦᠩᠯᠢᠶᠣᠣ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠠᠩ ᠢᠦᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠦᠩᠯᠢᠶᠣᠣ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠶᠦᠩ ᠬᠤᠷᠠᠯ ᠡᠷᠬᠢᠯᠡᠪᠡ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ  ᠤᠷᠤᠯᠴᠠᠪᠠ     7 ᠰᠠᠷ᠎ᠠ ᠶᠢᠨ 28 ᠤ ᠡᠳᠦᠷ᠂ ᠮᠠᠨ ᠤ ᠬᠤᠰᠢᠭᠤ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ︵ᠳᠤᠮᠳᠠᠳᠤ ᠰᠤᠷᠭᠠᠭᠤᠯᠢ ᠶᠢᠨ ᠰᠣᠷᠣᠭᠴᠢ︶ ᠤᠨ ᠬᠦᠨᠳᠦ ᠶᠢ ᠡᠷᠭᠦᠬᠦ ᠮᠠᠩᠯᠠᠢ ᠰᠢᠯᠭᠠᠷᠠᠭᠤᠯᠬᠤ ᠤᠷᠤᠯᠳᠤᠭᠠᠨ ᠶᠠᠪᠤᠭᠤᠯᠪᠠ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠶᠠ ᠹᠧᠩ ᠤᠷᠤᠯᠳᠤᠭᠠᠨ ᠢ ᠰᠣᠨᠢᠷᠬᠠᠪᠠ᠃    7 ᠰᠠᠷ᠎ᠠ ᠶᠢᠨ 29 ᠤ ᠡᠳᠦᠷ᠂ ᠮᠠᠨ ᠤ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠲᠡᠳ᠋ ᠳᠠᠷᠤᠭ᠎ᠠ ᠼᠤᠤ ᠢᠦᠢ ᠯᠦᠩ ᠬᠤᠷᠠᠯ ᠳᠤ ᠣᠷᠣᠯᠴᠠᠪᠠ᠃    7 ᠰᠠᠷ᠎ᠠ ᠶᠢᠨ 29 ᠤ ᠡᠳᠦᠷ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠪᠦᠦ ᠬᠤᠩ ᠮᠧᠶ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    7 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ 34 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ ᠬᠤᠷᠠᠯ ᠳᠤ ᠤᠷᠤᠯᠴᠠᠪᠠ᠃   7 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠲᠡᠳ᠋ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠷᠭᠢᠯᠡᠭᠴᠢ ᠪᠠᠲᠤ ᠪᠦᠯᠬᠦᠮ ᠳᠠᠭᠠᠭᠤᠯᠤᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤᠨ ᠤ ᠣᠢ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠷᠠᠳᠠᠷ ᠤᠨ ᠦᠷᠲᠡᠭᠡ᠂ ᠬᠤᠰᠢᠭᠤᠨ ᠤ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠶᠢᠨ ᠳᠠᠷᠤᠭ᠎ᠠ ᠪᠠᠶᠢᠯᠳᠤᠭᠴᠢᠳ ᠪᠠ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠲᠤᠬᠤᠨᠢᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠲᠣᠬᠤᠨᠢᠭᠤᠯᠤᠯ ᠬᠢᠬᠦ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号