ᠵᠧᠦ ᠰᠢᠶᠣᠣ ᠭᠤᠸᠠᠩ ᠪᠠᠶᠢᠴᠠᠭᠠᠨ ᠰᠤᠳᠤᠯᠬᠤ ᠳᠤᠭᠤᠶᠢᠯᠠᠩ ᠬᠢᠨ ᠢ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠨᠠᠮ ᠤᠨ ᠬᠤᠷᠢᠶᠠᠨ ᠤ ᠮᠡᠳᠡᠭᠡ ᠵᠠᠩᠭᠢ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/22
    8 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠵᠧᠦ ᠰᠢᠶᠣᠣ ᠭᠤᠸᠠᠩ ᠪᠠᠶᠢᠴᠠᠭᠠᠨ ᠰᠤᠳᠤᠯᠬᠤ ᠳᠤᠭᠤᠶᠢᠯᠠᠩ ᠬᠢᠨ ᠢ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠨᠠᠮ ᠤᠨ ᠬᠤᠷᠢᠶᠠᠨ ᠤ ᠮᠡᠳᠡᠭᠡ ᠵᠠᠩᠭᠢ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠪᠠᠢ ᠶᠠᠨ ᠰᠢᠤᠸᠠᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
1aed8701971449e5aa8724f01a79c1d.jpg   
     ᠪᠠᠢ ᠶᠠᠨ ᠰᠢᠤᠸᠠᠢ ᠪᠠᠶᠢᠴᠠᠭᠠᠨ ᠰᠤᠳᠤᠯᠬᠤ ᠳᠤᠭᠤᠶᠢᠯᠠᠩ ᠬᠢᠨ ᠳᠤ ᠪᠥᠬᠦ ᠬᠤᠰᠢᠭᠤᠨ ᠤ ᠨᠠᠮ ᠤᠨ ᠬᠤᠷᠢᠶ᠎ᠠ ᠶᠢᠨ ᠮᠡᠳᠡᠭᠡ ᠵᠠᠩᠭᠢ ᠶᠢᠨ ᠠᠵᠢᠯ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠵᠧᠦ ᠰᠢᠶᠣᠣ ᠭᠤᠸᠠᠩ ᠠᠴᠠ ᠵᠠᠷᠤᠳ ᠬᠤᠰᠢᠭᠤᠨ ᠤ ᠬᠢᠨ ᠨᠠᠮ ᠤᠨ ᠬᠤᠷᠢᠶ᠎ᠠ ᠶᠢᠨ ᠠᠵᠢᠯ ᠤᠨ ᠭᠤᠣᠯ ᠡᠭᠦᠷᠭᠡ ᠶᠢᠨ ᠲᠣᠭᠤᠷᠢᠨ ᠳᠤ᠂ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠪᠦᠬᠦ ᠬᠤᠳᠠ ᠶᠢᠨ ᠨᠠᠮ ᠤᠨ ᠬᠤᠷᠢᠶ᠎ᠠ ᠶᠢᠨ ᠮᠡᠳᠡᠭᠡ ᠵᠠᠩᠭᠢ ᠶᠢᠨ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠢᠳᠡᠪᠬᠢ ᠦᠢᠯᠡᠳᠦᠯ ᠢ ᠭᠦᠢᠴᠡᠳ ᠨᠤᠲᠠᠯᠠᠪᠠ᠃ ᠵᠧᠦ ᠰᠢᠶᠣᠣ ᠭᠤᠸᠠᠩ ᠴᠢᠬᠤᠯᠠᠴᠢᠯᠠᠭᠰᠠᠨ ᠨᠢ᠂ ᠮᠡᠳᠡᠭᠡ ᠵᠠᠩᠭᠢ ᠪᠣᠯ ᠨᠠᠮ ᠤᠨ ᠬᠤᠷᠢᠶ᠎ᠠ ᠶᠢᠨ ᠪᠠᠶᠢᠳᠠᠯ ᠢ ᠡᠵᠡᠮᠰᠢᠬᠦ ︽ᠴᠣᠩᠬᠤ︾᠂ ᠳᠣᠲᠣᠭᠠᠳᠤ ᠭᠠᠳᠠᠭᠠᠳᠤ ᠲᠠᠢ ᠬᠠᠷᠢᠯᠴᠠᠬᠤ ︽ᠠᠷᠭ᠎ᠠ ᠵᠠᠮ︾ ᠮᠦᠨ᠂ ᠳᠡᠭᠡᠳᠦ ᠳᠣᠣᠷᠠᠳᠤ ᠱᠠᠲᠤ ᠲᠠᠢ ᠬᠠᠷᠢᠯᠴᠠᠬᠤ ︽ᠲᠥᠪ︾ ᠪᠣᠯᠣᠨ᠎ᠠ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠨᠢᠭᠡᠴᠡ ᠬᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠬᠤᠷᠢᠶ᠎ᠠ ᠶᠢᠨ ᠮᠡᠳᠡᠭᠡ ᠵᠠᠩᠭᠢ ᠶᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠮᠡᠳᠡᠭᠦᠯᠦᠨ ᠬᠦᠷᠭᠡᠬᠦ ᠠᠵᠢᠯ ᠤᠨ ᠲᠤᠬᠠᠢ ᠲᠥᠪ ᠬᠤᠷᠢᠶ᠎ᠠ ᠶᠢᠨ ᠠᠯᠪᠠᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠭᠤᠣᠯ ᠠᠵᠢᠯ ᠤᠨ ᠲᠣᠭᠤᠷᠢᠨ ᠳᠤ ᠮᠡᠳᠡᠭᠡ ᠵᠠᠩᠭᠢ ᠨᠠᠶᠢᠷᠠᠭᠤᠯᠤᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠡᠳᠦᠷ ᠳᠤᠳᠤᠮ ᠤᠨ ᠮᠡᠳᠡᠭᠡ ᠵᠠᠩᠭᠢ ᠶᠢᠨ ᠠᠵᠢᠯ ᠤᠨ ᠣᠨᠣᠴᠠᠲᠠᠢ ᠬᠡᠮᠵᠢᠶ᠎ᠡ ᠪᠣᠯᠣᠨ ᠤᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠤᠭᠤᠴᠠᠭᠠᠲᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠠᠵᠢᠯ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠣᠳᠣᠨ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠮᠡᠳᠡᠭᠦᠯᠦᠨ ᠬᠦᠷᠭᠡᠬᠦ ᠪᠣᠳᠠᠲᠤ ᠦᠷ᠎ᠡ ᠪᠦᠲᠦᠮᠵᠢ ᠶᠢ ᠳᠤᠪᠤᠶᠢᠯᠭᠠᠵᠤ᠂ ᠭᠤᠣᠯᠳᠠᠯᠭ᠎ᠠ ᠶᠢ ᠠᠳᠬᠤᠬᠤ ᠳᠠᠭᠠᠨ ᠴᠢᠳᠠᠮᠠᠭᠠᠢ ᠪᠠᠶᠢᠵᠤ᠂ ᠨᠠᠮ ᠤᠨ ᠬᠤᠷᠢᠶᠠᠨ ᠤ ᠮᠡᠳᠡᠭᠡ ᠵᠠᠩᠭᠢ ᠶᠢᠨ ᠠᠵᠢᠯ ᠤᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠴᠢᠩᠭ᠎ᠠ ᠬᠢᠨᠠᠨ ᠰᠢᠯᠭᠠᠵᠤ᠂ ᠱᠠᠩᠨᠠᠵᠤ ᠲᠣᠷᠭᠠᠬᠤ ᠶᠢ ᠪᠡᠶᠡᠯᠡᠭᠦᠯᠵᠦ᠂ ᠺᠠᠳ᠋ᠷ ᠤᠨ ᠢᠳᠡᠪᠬᠢᠵᠢᠯ ᠢ ᠬᠥᠭᠵᠢᠭᠡᠨ ᠳᠠᠶᠢᠴᠢᠯᠠᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠮᠡᠳᠡᠭᠡ ᠵᠠᠩᠭᠢ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ 
d6d0876639bdbaaa2de225316668aaf.jpg   
     ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠨᠠᠮ ᠤᠨ ᠬᠤᠷᠢᠶ᠎ᠠ ᠶᠢᠨ ᠮᠡᠳᠡᠭᠡ ᠵᠠᠩᠭᠢ ᠶᠢ ᠰᠢᠢᠳᠪᠦᠷᠢᠯᠡᠬᠦ ᠠᠵᠢᠯ ᠤᠨ ᠲᠣᠭᠲᠠᠭᠠᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠴᠢᠮ ᠮᠡᠳᠡᠭᠡ ᠵᠠᠩᠭᠢ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠮᠡᠳᠡᠭᠦᠯᠦᠨ ᠬᠦᠷᠭᠡᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠪᠠᠴᠢᠮ ᠮᠡᠳᠡᠭᠳᠡᠯ ᠢ ᠤᠯᠠᠮᠵᠢᠯᠠᠨ ᠰᠤᠷᠤᠯᠴᠠᠪᠠ︔ ᠬᠠᠮᠢᠶ᠎ᠠ ᠪᠦᠬᠦᠢ ᠬᠤᠰᠢᠭᠤ ᠰᠢᠶᠠᠨ᠂ ᠰᠠᠯᠠᠭ᠎ᠠ ᠮᠥᠴᠢᠷ ᠨᠢᠭᠡᠴᠡ ᠶᠢᠨ ᠮᠡᠳᠡᠭᠡ ᠵᠠᠩᠭᠢ ᠶᠢ ᠤᠳᠠᠭᠠᠰᠢᠷᠠᠭᠤᠯᠤᠨ ᠮᠡᠳᠡᠭᠦᠯᠦᠭᠰᠡᠨ᠂ ᠮᠡᠳᠡᠭᠦᠯᠬᠦ ᠦᠭᠡᠢ ᠨᠢᠭᠤᠭᠰᠠᠨ ᠪᠠ ᠵᠠᠷᠤᠳ ᠬᠤᠰᠢᠭᠤᠨ ᠤ ᠮᠡᠳᠡᠭᠡ ᠵᠠᠩᠭᠢ ᠶᠢᠨ ᠠᠵᠢᠯ ᠥᠷᠨᠢᠭᠦᠯᠦᠭᠰᠡᠨ ᠪᠠᠶᠢᠳᠠᠯ ᠤᠨ ᠲᠣᠬᠠᠢ ᠮᠡᠳᠡᠭᠳᠡᠪᠡ᠃ 
69a36797058fc32ced0d37398ce884f.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号