| 8 ᠰᠠᠷ᠎ᠠ ᠶᠢᠨ 19 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ | ᠵᠢᠶᠦ᠋ᠨ ᠠᠴᠠ ᠮᠠᠯ ᠤᠨ ᠬᠢᠵᠢᠭ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠢᠵᠦ᠂ | ᠬᠢᠵᠢᠭ ᠢ ᠰᠡᠷᠭᠡᠶᠢᠯᠡᠬᠦ ᠠᠵᠢᠯ ᠢ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠳᠡᠳ᠋ ᠬᠤᠰᠢᠭᠤᠨ ᠳᠠᠷᠤᠭ᠎ᠠ ᠪᠠᠲᠤ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠢᠵᠢᠭ ᠢ ᠰᠡᠷᠭᠡᠶᠢᠯᠡᠬᠦ ᠲᠥᠪ ᠵᠢᠴᠢ ᠵᠠᠷᠢᠮ ᠰᠤᠮᠤ ᠪᠠᠯᠭᠠᠰᠤ ᠲᠠᠯᠠᠪᠠᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠣᠳᠣᠬᠠᠨ ᠤ ᠪᠠᠶᠢᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠮᠠᠯ ᠤᠨ ᠬᠢᠵᠢᠭ ᠢ ᠰᠡᠷᠭᠡᠶᠢᠯᠡᠬᠦ ᠠᠵᠢᠯ ᠤᠨ ᠪᠠᠴᠢᠮ ᠲᠤᠯᠭᠠᠮ᠎ᠠ ᠰᠡᠳᠬᠢᠯᠭᠡ᠂ | ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠣᠳᠤᠯ ᠢᠶᠠᠨ ᠴᠢᠩᠭᠠᠳᠬᠠᠵᠤ᠂ ᠮᠠᠯ ᠤᠨ ᠬᠢᠵᠢᠭ ᠢ ᠰᠡᠷᠭᠡᠶᠢᠯᠡᠬᠦ | ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠤᠬᠠᠮᠰᠠᠷ ᠢ | ᠪᠠᠲᠤ ᠪᠠᠬᠢ ᠪᠣᠶ ᠪᠣᠯᠭᠠᠵᠤ᠂ ᠬᠠᠮᠵᠢᠯᠴᠠᠨ ᠬᠥᠳᠡᠯᠦᠯᠴᠡᠵᠦ᠂ ᠨᠢᠭᠡᠳᠦᠯᠲᠡᠢ ᠲᠥᠯᠥᠪᠯᠡᠨ ᠬᠠᠮᠵᠢᠯᠴᠠᠵᠤ᠂ | ᠬᠦᠴᠦ ᠪᠠᠨ ᠬᠠᠮᠲᠤᠳᠬᠠᠨ ᠮᠠᠯ ᠤᠨ ᠬᠢᠵᠢᠭ ᠢ ᠰᠡᠷᠭᠡᠶᠢᠯᠡᠬᠦ ᠠᠵᠢᠯ ᠢ ᠨᠠᠷᠢᠨ ᠪᠣᠲᠠᠲᠠᠢ ᠬᠢᠬᠦ ᠬᠡᠷᠡᠭᠲᠡᠢ᠃ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠮᠢᠲᠠᠨ ᠤ ᠬᠢᠵᠢᠭ ᠤᠨ ᠪᠠᠶᠢᠳᠠᠯ ᠢ ᠪᠠᠴᠢᠮ | ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠰᠠᠶᠢᠲᠤᠷ ᠬᠢᠵᠦ᠂ ᠪᠥᠬᠦ ᠬᠤᠰᠢᠭᠤᠨ ᠤ ᠡᠪᠡᠳᠴᠢᠨ ᠢᠶᠠᠷ | ᠦᠬᠦᠭᠰᠡᠨ ᠮᠠᠯ ᠵᠢᠭᠦᠷᠲᠡᠨ ᠢ ᠬᠤᠤᠷᠳᠠᠯ ᠦᠭᠡᠢ ᠪᠣᠯᠭᠠᠨ ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠵᠦ᠂ ᠮᠠᠯ ᠤᠨ ᠬᠢᠵᠢᠭ ᠢ ᠰᠡᠷᠭᠡᠶᠢᠯᠡᠬᠦ ᠶᠢ ᠪᠠᠶᠢᠩᠭᠤᠵᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ | ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃ | | | ᠱᠤᠤ ᠶᠠᠨ ᠵᠢᠶᠦ᠋ᠨ ᠱᠠᠭᠠᠷᠳᠠᠭᠰᠠᠨ ᠨᠢ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠪᠠᠯᠭᠠᠰᠤ ᠲᠠᠯᠠᠪᠠᠢ ᠶᠢᠨ ᠭᠤᠣᠯ ᠬᠠᠷᠢᠭᠤᠴᠠᠯᠭᠠᠲᠠᠨ | ᠶᠡᠷᠦᠩᠬᠡᠢ ᠬᠠᠷᠢᠭᠤᠴᠠᠯᠭ᠎ᠠ ᠪᠠᠨ ᠡᠭᠦᠷᠭᠡᠯᠡᠵᠦ᠂ ᠪᠡᠶ᠎ᠡ ᠪᠠᠷ ᠢᠶᠠᠨ ᠠᠳᠬᠤᠵᠤ᠂ ᠲᠦᠷᠦᠭᠦᠯᠡᠨ ᠠᠵᠢᠯ ᠢᠶᠠᠨ | ᠠᠬᠢᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠤᠰᠬᠠᠢ ᠬᠥᠮᠥᠨ ᠢᠶᠠᠷ ᠬᠠᠷᠢᠴᠠᠭᠤᠯᠵᠤ᠂ ᠮᠥᠷᠳᠡᠨ | ᠳᠠᠭᠠᠵᠤ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ︔ ᠵᠢᠭᠰᠠᠭᠠᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠲᠣᠣᠷ ᠲᠠᠲᠠᠬᠤ ᠮᠠᠶ᠋ᠢᠭ ᠤᠨ᠂ ᠵᠠᠢ ᠵᠠᠪᠰᠠᠷ ᠦᠭᠡᠢ ᠪᠠᠷ ᠵᠢᠭᠰᠠᠭᠠᠨ ᠪᠠᠶᠢᠴᠠᠭᠠᠵᠤ᠂ ᠥᠨᠴᠥᠭ | ᠪᠤᠯᠤᠩ ᠦᠯᠡᠳᠡᠭᠡᠬᠦ ᠦᠭᠡᠢ᠂ ᠥ ᠰᠠᠪ ᠦᠯᠡᠳᠡᠭᠡᠬᠦ ᠦᠭᠡᠢ ᠪᠠᠶᠢᠵᠤ᠂ ᠳᠠᠩᠰᠠᠯᠠᠬᠤ ᠠᠵᠢᠯ ᠢ ᠨᠢᠭᠡ ᠨᠢᠭᠡ ᠪᠠᠷ | ᠰᠠᠶᠢᠲᠤᠷ ᠬᠢᠵᠦ᠂ ᠬᠢᠵᠢᠭ ᠲᠠᠢ ᠮᠠᠯ ᠤᠨ ᠬᠢᠵᠢᠭ ᠤᠨ ᠪᠠᠶᠢᠳᠠᠯ ᠢ ᠣᠯᠵᠤ ᠮᠡᠳᠡᠪᠡᠯ᠂ ᠳᠠᠷᠤᠶᠢᠬᠠᠨ ᠮᠡᠳᠡᠭᠦᠯᠵᠦ᠂ | ᠥᠯᠢᠭᠡᠷ ᠠᠪᠴᠤ ᠪᠠᠶᠢᠴᠠᠭᠠᠯᠭᠠᠬᠤ ᠪᠠᠷ ᠬᠦᠷᠭᠡᠬᠦ ᠶᠢᠨ ᠬᠠᠮᠲᠤ ᠲᠦᠷ ᠴᠠᠭ ᠤᠨ ᠴᠢᠨᠠᠷᠲᠠᠢ ᠲᠤᠰᠠᠭᠠᠷᠯᠠᠬᠤ᠂ | ᠠᠷᠢᠭᠤᠳᠬᠠᠬᠤ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ᠂ ᠳᠡᠯᠭᠡᠷᠡᠨ ᠲᠠᠷᠬᠠᠭᠠᠬᠤ ᠶᠢ ᠡᠷᠡᠰ ᠬᠤᠷᠢᠭᠯᠠᠬᠤ | ᠬᠡᠷᠡᠭᠲᠡᠢ︔ ᠬᠢᠵᠢᠭ ᠢ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠣᠷᠢᠳᠴᠢᠯᠡᠨ ᠬᠢᠵᠢᠭ ᠢ ᠰᠡᠷᠭᠡᠶᠢᠯᠡᠬᠦ | ᠰᠠᠭᠤᠷᠢᠨ ᠳᠡᠭᠡᠷ᠎ᠡ᠂ ᠳᠣᠲᠠᠭᠳᠠᠯ ᠢᠶᠠᠨ ᠨᠥᠬᠦᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠮᠠᠯ ᠤᠨ ᠲᠠᠷᠢᠯᠭ᠎ᠠ ᠬᠢᠬᠦ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠤᠨ᠂ | ᠬᠥᠳᠡᠯᠦᠩᠭᠦᠢ ᠪᠠᠷ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠭᠠᠵᠠᠷ ᠣᠷᠣᠨ ᠳᠤ ᠪᠦᠬᠦᠨ ᠢ | ᠬᠠᠮᠤᠷᠬᠤ᠂ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠡᠩ ᠤᠨ ᠭᠠᠵᠠᠷ ᠣᠷᠣᠨ ᠢ ᠬᠢᠵᠢᠭ ᠢ | ᠰᠡᠷᠭᠡᠶᠢᠯᠡᠬᠦ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ︔ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠳᠠᠨ᠎ᠠ ᠠᠴᠠ ᠢᠷᠡᠭᠰᠡᠨ ᠮᠠᠯ ᠵᠢᠭᠦᠷᠲᠡᠨ ᠢ ᠰᠢᠯᠵᠢᠭᠦᠯᠦᠨ | ᠣᠷᠣᠭᠤᠯᠬᠤ᠂ ᠭᠦᠢᠯᠭᠡᠭᠡᠨ ᠤ ᠬᠦᠷᠢᠶ᠎ᠡ ᠴᠠᠷᠠᠭ᠎ᠠ ᠳᠠᠬᠢ ᠮᠠᠯ ᠵᠢᠭᠦᠷᠲᠡᠨ ᠤ ᠬᠢᠵᠢᠭ ᠢ ᠪᠠᠶᠢᠴᠠᠭᠠᠬᠤ᠂ | ᠡᠪᠡᠳᠴᠢᠨ ᠢᠶᠠᠷ ᠦᠬᠦᠭᠰᠡᠨ ᠮᠠᠯ ᠢ ᠰᠢᠢᠳᠪᠦᠷᠢᠯᠡᠬᠦ ᠶᠠᠪᠤᠴᠠ᠂ ᠡᠪᠡᠳᠴᠢᠨ ᠢᠶᠠᠷ ᠦᠬᠦᠭᠰᠡᠨ ᠮᠠᠯ ᠢ ᠲᠤᠬᠠᠢ ᠶᠢᠨ | ᠲᠠᠯᠠᠪᠤᠷ ᠲᠤᠨᠢ ᠠᠷᠢᠭᠤᠳᠬᠠᠬᠤ ᠵᠡᠷᠭᠡ ᠠᠵᠢᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠰᠢᠢᠳᠪᠦᠷᠢᠯᠡᠭᠰᠡᠨ ᠲᠡᠮᠳᠡᠭᠯᠡᠯ ᠢᠶᠠᠨ ᠰᠠᠶᠢᠲᠤᠷ ᠬᠢᠬᠦ ᠶᠢᠨ ᠬᠠᠮᠲᠤ᠂ ᠬᠠᠤᠯᠢ ᠬᠡᠷᠡᠭᠵᠢᠭᠦᠯᠵᠦ ᠰᠢᠳᠬᠡᠨ ᠲᠣᠷᠭᠠᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠤᠬᠠᠭᠤᠯᠤᠨ ᠬᠥᠲᠥᠯᠥᠨ ᠵᠢᠯᠤᠭᠤᠳᠬᠤ ᠶᠢ ᠭᠦᠨᠵᠡᠭᠡᠶᠢᠷᠡᠭᠦᠯᠵᠦ᠂ | ᠤᠬᠠᠭᠤᠯᠬᠤ ᠲᠠᠪᠴᠠᠩ ᠢ ᠢᠳᠡᠪᠬᠢᠲᠡᠢ ᠬᠡᠷᠡᠭᠯᠡᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠶᠡᠷᠦ ᠶᠢᠨ ᠮᠡᠳᠡᠯᠭᠡ ᠵᠢᠴᠢ ᠬᠠᠮᠢᠶ᠎ᠠ ᠪᠦᠬᠦᠢ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠮᠠᠯᠴᠢᠨ ᠲᠠᠷᠢᠶᠠᠴᠢᠨ ᠢ | ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠶᠢ ᠨᠢ ᠢᠳᠡᠪᠬᠢᠲᠡᠢ ᠪᠠᠷ | ᠬᠤᠪᠢᠷᠠᠭᠤᠯᠬᠤ ᠬᠡᠷᠡᠭᠲᠡᠢ ᠭᠡᠪᠡ᠃ | | | | |