2022 ᠣᠨ ᠤ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠵᠠᠷᠤᠳ ᠬᠤᠰᠢᠭᠤᠨ ᠳᠤ ᠢᠷᠡᠵᠦ ᠲᠤᠰᠬᠠᠢ ᠱᠠᠭᠠᠷᠳᠠᠨ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2022/8/22
    8 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠰᠠᠷᠠᠨᠴᠢᠮᠡᠭ ᠱᠠᠭᠠᠷᠳᠠᠨ ᠪᠠᠶᠢᠴᠠᠭᠠᠬᠤ ᠳᠤᠭᠤᠶᠢᠯᠠᠩ ᠬᠢᠨ ᠢ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢᠨ ᠶᠡᠷᠦᠩᠬᠡᠢ ᠠᠬᠢᠴᠠ ᠶᠢᠨ ᠪᠠᠶᠢᠳᠠᠯ ᠢ ᠱᠠᠭᠠᠷᠳᠠᠨ ᠪᠠᠶᠢᠴᠠᠭᠠᠪᠠ᠃ ᠳᠡᠳ᠋ ᠬᠤᠲᠠ ᠶᠢᠨ ᠳᠠᠷᠤᠭ᠎ᠠ ᠼᠤᠤ ᠶᠢᠨ ᠱᠠᠨ ᠵᠢᠴᠢ ᠬᠤᠲᠠ ᠬᠤᠰᠢᠭᠤ ᠬᠤᠶᠠᠷ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃
6c1c15dbc324b9f279fdcad4fddd082.jpg   
    ᠱᠠᠭᠠᠷᠳᠠᠨ ᠪᠠᠶᠢᠴᠠᠭᠠᠬᠤ ᠳᠤᠭᠤᠶᠢᠯᠠᠩ ᠬᠢᠨ ᠤᠷᠢᠳ ᠬᠤᠵᠢᠳ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ᠂ ᠯᠦᠪᠸᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠦ᠂ ᠪᠢᠴᠢᠭ ᠮᠠᠲ᠋ᠧᠷᠢᠶᠠᠯ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠪᠥᠬᠦ ᠬᠤᠰᠢᠭᠤᠨ ᠤ ᠬᠢᠲᠠᠳ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ 
ea24406c3e5d73872ecb6119f565b55.jpg   
    ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠦᠵᠡᠬᠦ ᠪᠠᠷ᠂ ᠵᠠᠷᠤᠳ ᠬᠤᠰᠢᠭᠤ ᠰᠢ ᠶᠢᠨ ᠫᠢᠩ ᠶᠡᠷᠦᠩᠬᠡᠢ ᠱᠦᠵᠢ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠲᠠᠳ ᠡᠮ ᠡᠮᠨᠡᠯᠭᠡ ᠶᠢᠨ ᠬᠠᠤᠯᠢ︾ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠠᠷᠠᠳ ᠲᠦᠮᠡᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠠᠵᠢᠯ ᠤᠨ ᠢᠶᠠᠨ ᠦᠨᠳᠦᠰᠦᠨ ᠡᠬᠢᠯᠡᠯᠲᠡ ᠶᠢᠨ ᠴᠡᠭ ᠪᠣᠯᠭᠠᠵᠤ᠂ ᠪᠥᠬᠦ ᠠᠷᠠᠳ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠵᠣᠬᠢᠬᠤ ᠠᠮᠵᠢᠯᠲᠠ ᠪᠦᠲᠦᠮᠵᠢ ᠣᠯᠪᠠ᠃ 
0c3eff45cb36c2a8c0a9bca6c87cd4f.jpg   
    ᠱᠠᠭᠠᠷᠳᠠᠨ ᠪᠠᠶᠢᠴᠠᠭᠠᠬᠤ ᠳᠤᠭᠤᠶᠢᠯᠠᠩ ᠬᠢᠨ ᠠᠴᠠ᠂ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠰᠢᠨᠵᠢᠯᠡᠭᠡ ᠮᠡᠷᠭᠡᠵᠢᠯ ᠤᠨ ᠣᠬᠠᠭᠤᠯᠭ᠎ᠠ ᠶᠢ ᠠᠬᠢᠭᠤᠯᠬᠤ ᠬᠡᠷᠡᠭᠲᠡᠢ᠃ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠵᠤ᠂ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠥᠨᠢ ᠤᠳᠠᠭᠠᠨ ᠲᠡᠦᠬᠡ᠂ ᠰᠢᠨᠵᠢᠯᠡᠬᠦ ᠤᠬᠠᠭᠠᠨᠴᠢ ᠣᠨᠣᠯ᠂ ᠥᠪᠡᠷᠮᠢᠴᠡ ᠠᠷᠭ᠎ᠠ᠂ ᠰᠠᠶᠢᠨ ᠰᠠᠶᠢᠬᠠᠨ ᠡᠮᠴᠢᠯᠡᠭᠡᠨ ᠤ ᠦᠷ᠎ᠡ ᠠᠰᠢᠭ ᠢ ᠲᠥᠪᠯᠡᠷᠡᠭᠦᠯᠦᠨ ᠳᠡᠯᠭᠡᠨ ᠦᠵᠡᠭᠦᠯᠬᠦ ᠬᠡᠷᠡᠭᠲᠡᠢ᠃ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠪᠡᠶ᠎ᠡ ᠰᠤᠪᠢᠯᠠᠯᠲᠠ᠂ ᠡᠷᠡᠭᠦᠯᠵᠢᠯ᠂ ᠡᠷᠡᠭᠦᠯᠵᠢᠯ ᠤᠨ ᠮᠡᠳᠡᠯᠭᠡ ᠪᠠ ᠤᠷ᠎ᠠ ᠴᠢᠳᠠᠪᠤᠷᠢ ᠶᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠤ ᠡᠪᠡᠳᠴᠢᠨ ᠰᠡᠷᠭᠡᠶᠢᠯᠡᠬᠦ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ︽ᠡᠷᠡᠭᠦᠯ ᠡᠩᠬᠡ ᠥᠪᠥᠷ ᠮᠣᠩᠭᠤᠯ︾ ᠤᠨ ᠪᠦᠲᠦᠭᠡᠨ ᠪᠠᠶᠢᠭᠤᠯᠤᠯᠲᠠ ᠳᠤ ᠵᠠᠷᠣᠳ ᠤᠨ ᠣᠶᠤᠨ ᠤᠬᠠᠭᠠᠨ ᠪᠠ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号