ᠵᠠᠷᠤᠳ ᠬᠤᠰᠢᠭᠤᠨ ᠤ ᠬᠢᠨ ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠠᠵᠢᠯᠲᠠᠳ ᠢ ᠵᠢᠷᠣᠮᠵᠢᠭᠤᠯᠵᠤ᠂  ᠮᠡᠷᠭᠡᠰᠢᠬᠦ᠂  ᠲᠣᠰᠬᠠᠶᠢᠵᠢᠬᠤ ᠶᠢ ᠬᠦᠲᠦᠯᠵᠦ ᠪᠠᠶᠢᠨ᠎ᠠ
ᠨᠡᠶᠢᠲᠡᠯᠡᠭᠰᠡᠨ ᠴᠠᠭ᠄
2022/8/23
         ᠵᠠᠷᠤᠳ ᠬᠤᠰᠢᠭᠤᠨ ᠤ ᠬᠢᠨ ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠠᠵᠢᠯᠲᠠᠳ ᠢ ᠵᠢᠷᠣᠮᠵᠢᠭᠤᠵᠯᠤ᠂ ᠮᠡᠷᠭᠡᠰᠢᠬᠦ᠂ ᠲᠣᠰᠬᠠᠶᠢᠵᠢᠬᠤ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠪᠦᠬᠦᠢ ᠤᠶᠤᠨ ᠤ ᠲᠤᠯᠭᠠᠭᠤᠷᠢᠯᠠᠯ ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠰᠢᠨ᠎ᠡ ᠠᠷᠭ᠎ᠠ ᠵᠠᠮ ᠢ ᠨᠡᠬᠡᠬᠡᠪᠡ᠃    ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠠᠮᠢᠶᠠᠷᠤᠯᠲᠠ ᠪᠠᠨ ᠵᠢᠷᠤᠮᠵᠢᠭᠤᠯᠬᠤ ᠶᠢ ᠲᠦᠯᠬᠢᠨ ᠠᠬᠢᠭᠤᠯᠪᠠ᠃ ᠳᠦᠷᠢᠮ ᠢ ᠤᠷᠢᠳᠠᠪᠠᠷ ᠬᠡᠷᠡᠭᠵᠢᠭᠦᠯᠬᠦ ᠶᠢ ᠢᠮᠠᠭᠲᠠ ᠪᠠᠷᠢᠮᠲᠠᠯᠠᠵᠤ᠂ ᠤᠷᠢᠳ ᠬᠤᠵᠢᠳ ︽ᠵᠠᠷᠤᠳ ᠬᠤᠰᠢᠭᠤᠨ ᠤ ᠲᠤᠰᠬᠠᠢ ᠲᠤᠰᠢᠶᠠᠯᠲᠤ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠪᠠ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ︽ᠨᠠᠮ ᠤᠨ ᠪᠠᠶᠢᠭᠤᠯᠤᠯᠲᠠ ᠶᠢ ᠴᠢᠩᠭᠠᠳᠬᠠᠬᠤ︾ ᠵᠠᠩᠭᠢᠯᠠᠭ᠎ᠠ ᠶᠢᠨ ᠭᠤᠭᠴᠤᠭ᠎ᠠ ᠶᠢ ᠲᠣᠪᠤᠶᠢᠯᠭᠠᠨ᠂ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠦᠢᠯᠡᠴᠢᠯᠡᠭᠡᠨ ᠤ ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠪᠡ᠃ ᠲᠤᠰᠬᠠᠢ ᠲᠤᠰᠢᠶᠠᠯᠲᠤ ᠨᠡᠶᠢᠭᠡᠮ ᠲᠣᠭᠤᠷᠢᠭ ᠤᠨ ᠠᠵᠢᠯᠲᠠᠳ ᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠠᠮᠢᠶᠠᠷᠤᠯᠲᠠ ᠳᠤ ᠣᠷᠣᠯᠴᠠᠭᠤᠯᠵᠤ᠂ ᠰᠠᠭᠤᠭᠠᠯᠢ ᠠᠷᠠᠳ ᠢ ᠰᠤᠷᠪᠤᠯᠵᠢᠯᠠᠵᠤ᠂ ᠠᠷᠠᠳ ᠲᠦᠮᠡᠨ ᠳᠤ ᠦᠢᠯᠡᠴᠢᠯᠡᠬᠦ ᠴᠠᠭ ᠢ ᠪᠦᠬᠦ ᠠᠵᠢᠯᠯᠠᠬᠤ ᠴᠠᠭ ᠤᠨ 80% ᠠᠴᠠ ᠳᠤᠲᠠᠭᠤ ᠪᠠᠶᠢᠯᠭᠠᠵᠤ ᠪᠣᠯᠬᠤ ᠦᠭᠡᠢ ᠭᠡᠵᠦ ᠱᠠᠭᠠᠷᠳᠠᠵᠤ᠂ ᠵᠢᠯ ᠪᠦᠷᠢ ᠲᠤᠰᠬᠠᠢ ᠲᠤᠰᠢᠶᠠᠯᠲᠤ ᠨᠡᠶᠢᠭᠡᠮ ᠲᠣᠭᠤᠷᠢᠭ ᠤᠨ ᠠᠵᠢᠯᠲᠠᠳ ᠲᠤ ᠣᠨ ᠤ ᠬᠢᠨᠠᠨ ᠰᠢᠯᠭᠠᠯᠲᠠ ᠬᠢᠬᠦ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠢ ᠠᠵᠢᠯ ᠤᠨ ᠪᠠᠶᠢᠷᠢ ᠶᠢᠨ ᠬᠥᠯᠥᠰᠦ ᠣᠯᠭᠤᠮᠵᠢ ᠶᠢᠨ ᠵᠡᠷᠭᠡ ᠳᠡᠰ ᠢ ᠲᠣᠬᠢᠷᠠᠭᠤᠯᠬᠤ᠂ ᠦᠷᠭᠦᠯᠵᠢᠯᠡᠨ ᠣᠷᠢᠬᠤ ᠪᠠ ᠤᠷᠢᠬᠤ ᠪᠠᠨ ᠪᠣᠯᠢᠬᠤ ᠵᠢᠴᠢ ᠱᠠᠩᠨᠠᠵᠤ ᠵᠠᠯᠬᠠᠭᠠᠨ ᠴᠡᠭᠡᠷᠯᠡᠭᠦᠯᠬᠦ ᠶᠢᠨ ᠴᠢᠬᠤᠯᠠ ᠦᠨᠳᠦᠰᠦᠯᠡᠯ ᠪᠣᠯᠭᠠᠵᠤ᠂ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠪᠠ᠃ ᠣᠳᠣᠬᠠᠨ ᠳᠤ 164 ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ  ᠢ ᠢᠵᠢ ᠪᠦᠷᠢᠳᠦᠭᠦᠯᠦᠨ ᠥᠭᠡᠷᠡᠴᠢᠯᠡᠬᠦ ᠠᠵᠢᠯ  ᠢ ᠪᠦᠬᠦ ᠲᠠᠯ᠎ᠠ ᠪᠠᠷ ᠪᠡᠶᠡᠯᠡᠭᠦᠯᠵᠦ᠂ ᠴᠠᠯᠢᠩ ᠤᠨ ᠳᠤᠮᠳᠠᠴᠢ ᠥᠰᠦᠯᠲᠡ  ᠶᠢᠨ ᠬᠡᠮᠵᠢᠶ᠎ᠡ 41.1% ᠰᠢᠬᠠᠮ ᠬᠦᠷᠪᠡ᠃    ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠩᠨᠡᠭᠡᠨ ᠤ ᠮᠡᠷᠭᠡᠰᠢᠬᠦ ᠶᠢ ᠲᠦᠯᠬᠢᠨ ᠠᠬᠢᠭᠤᠯᠪᠠ᠃ ᠰᠤᠷᠭᠠᠨ ᠬᠥᠮᠥᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠢᠯ ᠪᠦᠷᠢ ᠨᠡᠶᠢᠭᠡᠮ ᠲᠣᠭᠤᠷᠢᠭ ᠤᠨ ᠠᠵᠢᠯᠲᠠᠳ ᠢ ᠨᠢᠭᠡ ᠤᠳᠠᠭ᠎ᠠ ᠡᠭᠡᠯᠵᠢᠯᠡᠨ ᠪᠣᠯᠪᠠᠰᠤᠷᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠳ ᠤᠨ ᠵᠠᠬᠢᠳᠠᠯ ᠢᠶᠠᠷ ᠰᠤᠷᠤᠯᠴᠠᠬᠤ᠂ ᠠᠵᠢᠯ ᠤᠨ ᠪᠠᠶᠢᠷᠢ ᠳᠡᠭᠡᠷ᠎ᠡ ᠪᠠᠨ ᠪᠣᠯᠪᠠᠰᠤᠷᠠᠯ ᠬᠦᠷᠲᠡᠭᠡᠬᠦ ᠪᠠ ᠤᠯᠤᠰ ᠤᠨ ᠨᠡᠶᠢᠭᠡᠮ ᠤᠨ ᠠᠵᠢᠯᠲᠠᠳ ᠤᠨ ᠠᠵᠢᠯ ᠮᠡᠷᠭᠡᠵᠢᠯ ᠤᠨ ᠬᠢᠷᠢ ᠲᠦᠪᠰᠢᠨ ᠤ ᠰᠢᠯᠭᠠᠯᠲᠠ ᠳᠤ ᠣᠷᠤᠯᠴᠠᠬᠤ ᠵᠡᠷᠭᠡ ᠬᠡᠯᠪᠡᠷᠢ ᠪᠠᠷ ᠠᠵᠢᠯ ᠮᠡᠷᠭᠡᠵᠢᠭᠰᠡᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ ᠳᠡᠮᠵᠢᠪᠡ︔ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︽  ᠣᠷᠣᠭᠤᠯᠤᠨ ᠠᠪᠴᠢᠷᠠᠬᠤ + ᠨᠡᠪᠴᠢᠭᠦᠯᠬᠦ︾ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠪᠴᠢᠭᠦᠯᠬᠦ ᠲᠥᠪ ᠪᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠤᠨ᠂ ᠨᠡᠶᠢᠭᠡᠮ ᠤᠨ ᠠᠵᠢᠯ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠨᠡᠶᠢᠭᠡᠮ ᠤᠨ ᠲᠤᠰᠬᠠᠢ ᠵᠣᠬᠢᠶᠠᠨ ᠪᠠᠶᠢᠭᠤᠯᠤᠯᠲᠠ ᠪᠠᠷ ᠳᠡᠮᠵᠢᠨ ᠨᠢᠭᠡ ᠪᠦᠯᠦᠭ ᠳᠣᠲᠣᠭᠠᠳᠤ ᠵᠠᠰᠠᠯᠲᠠ ᠬᠢᠬᠦ ᠪᠠᠷ ᠰᠠᠶᠢᠨ᠂ ᠦᠢᠯᠡᠴᠢᠯᠡᠭᠡᠨ ᠤ ᠴᠢᠳᠠᠪᠤᠷᠢ ᠰᠠᠶᠢᠨ᠂ ᠨᠡᠶᠢᠭᠡᠮ ᠤᠨ ᠢᠲᠡᠭᠡᠯ ᠬᠦᠨᠳᠦ ᠰᠠᠶᠢᠨ᠂ ᠵᠢᠱᠢᠶ᠎ᠡ ᠦᠵᠡᠭᠦᠯᠬᠦ ᠦᠢᠯᠡᠳᠦᠯ ᠰᠠᠶᠢᠨ ᠲᠣᠰ ᠭᠠᠵᠠᠷ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠨᠡᠪᠴᠢᠭᠦᠯᠵᠦ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠬᠥᠭᠵᠢᠯᠲᠡ ᠶᠢ ᠪᠦᠲᠦᠮᠵᠢᠲᠡᠶ ᠠᠬᠢᠭᠤᠯᠪᠠ︔ ᠨᠡᠶᠢᠭᠡᠮ ᠲᠣᠭᠤᠷᠢᠭ ᠤᠨ ᠬᠡᠪᠴᠢᠶ᠎ᠡ᠂ ᠬᠥᠮᠥᠨ ᠠᠮᠠ ᠶᠢᠨ ᠲᠤᠭ᠎ᠠ᠂ ᠬᠠᠮᠢᠶᠠᠷᠤᠯᠲᠠ ᠶᠢᠨ ᠬᠡᠮᠵᠢᠶ᠎ᠡ ᠵᠡᠷᠭᠡ ᠬᠦᠴᠦᠨ ᠵᠦᠢᠯ ᠢ ᠪᠦᠬᠦ ᠲᠠᠯ᠎ᠠ  ᠪᠠᠷ ᠪᠣᠳᠣᠯᠬᠢᠯᠠᠵᠤ᠂ 150 ᠡᠷᠦᠬᠡ ᠪᠦᠷᠢ ᠳᠤ 1 ᠬᠥᠮᠥᠨ ᠲᠣᠬᠢᠷᠠᠭᠤᠯᠬᠤ ᠬᠠᠷᠢᠴᠠᠯ ᠢᠶᠠᠷ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠥᠮᠥᠰ ᠤᠨ ᠳᠣᠲᠣᠷ᠎ᠠ ᠠᠴᠠ ᠢᠯᠡ ᠪᠠᠷ ᠰᠣᠩᠭᠤᠨ ᠤᠷᠢᠬᠤ ᠠᠷᠭ᠎ᠠ ᠠᠪᠴᠤ᠂ ᠲᠤᠰᠬᠠᠢ ᠲᠤᠰᠢᠶᠠᠯᠲᠤ ᠨᠡᠶᠢᠭᠡᠮ ᠲᠣᠭᠤᠷᠢᠭ ᠤᠨ ᠠᠵᠢᠯᠲᠠᠨ 116 ᠲᠣᠬᠢᠷᠠᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠪᠥᠬᠦ ᠬᠤᠰᠢᠭᠤᠨ ᠤ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠲᠤᠰᠬᠠᠢ ᠲᠤᠰᠢᠶᠠᠯᠲᠤ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠶᠢ  ᠴᠢᠩᠭᠠᠳᠬᠠᠪᠠ᠃    ᠰᠤᠷᠭᠠᠭᠤᠯᠢ ᠪᠠ ᠨᠡᠶᠢᠭᠡᠮ ᠲᠣᠭᠤᠷᠢᠭ ᠤᠨ ᠬᠤᠯᠪᠣᠭᠠᠯᠠᠯ ᠢ ᠥᠷᠨᠢᠭᠦᠯᠵᠦ᠂ ᠡᠩᠨᠡᠭᠡᠨ ᠤ ᠲᠣᠰᠬᠠᠶᠢᠵᠢᠬᠤ ᠶᠢ ᠳᠡᠭᠡᠭᠰᠢᠯᠡᠭᠦᠯᠪᠡ᠃ ᠳᠡᠭᠡᠳᠦ ᠰᠤᠷᠭᠠᠭᠤᠯᠢ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠱᠠᠲᠤ ᠬᠤᠪᠢᠶᠠᠨ ᠬᠠᠷᠢᠭᠤᠴᠠᠬᠤ᠂ ᠲᠣᠰ ᠲᠣᠰ ᠤᠨ ᠭᠤᠣᠯᠳᠠᠯᠭ᠎ᠠ ᠲᠠᠢ ᠪᠣᠯᠪᠠᠰᠤᠷᠠᠭᠤᠯᠤᠨ ᠬᠥᠮᠥᠵᠢᠭᠦᠯᠬᠦ ᠲᠣᠭᠲᠠᠴᠠ ᠶᠢ ᠪᠠᠶᠢᠭᠤᠯᠵᠤ ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠯᠤᠭ᠎ᠠ ᠢᠳᠡᠪᠬᠢᠲᠡᠢ ᠪᠠᠷ ᠵᠣᠬᠢᠴᠠᠭᠤᠯᠤᠨ ᠨᠡᠪᠲᠡᠷᠡᠯᠴᠡᠵᠦ᠂ ︽ᠰᠤᠷᠭᠠᠭᠤᠯᠢ ᠪᠠ ᠨᠡᠶᠢᠭᠡᠮ ᠲᠣᠭᠤᠷᠢᠭ ᠤᠨ ᠬᠤᠯᠪᠣᠭᠠᠯᠠᠬᠤ︾ ᠴᠢᠳᠠᠪᠤᠷᠢᠲᠠᠨ ᠬᠥᠮᠥᠵᠢᠭᠦᠯᠬᠦ ᠬᠠᠮᠲᠤᠷᠠᠯᠴᠠᠭ᠎ᠠ ᠶᠢᠨ ᠪᠣᠷᠣ ᠲᠥᠯᠥᠪ ᠤᠨ ᠵᠥᠪᠯᠡᠯᠴᠡᠭᠡᠷ ᠲᠣᠭᠲᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠨᠡᠶᠢᠭᠡᠮ ᠤᠨ ᠠᠵᠢᠯ ᠤᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠲᠠᠪᠴᠠᠩ ᠢ ᠪᠠᠶᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠬᠦ ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯᠲᠡᠨ ᠠᠴᠠ ᠬᠢᠨᠠᠨ ᠵᠢᠯᠤᠭᠤᠳᠬᠤ ᠪᠠ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠂ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯᠲᠡᠨ᠂ ᠫᠷᠤᠹᠧᠰᠰᠤᠷ ᠢ ᠤᠷᠢᠵᠤ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠲᠣᠭᠤᠷᠢᠭ ᠲᠤ ᠲᠤᠰᠬᠠᠢ ᠮᠡᠷᠭᠡᠵᠢᠯ ᠤᠨ ᠬᠢᠨᠠᠨ ᠵᠢᠯᠤᠭᠤᠳᠬᠤ ᠪᠠ ᠵᠢᠭᠠᠨ ᠵᠢᠯᠤᠭᠤᠳᠬᠤ ᠶᠢ ᠦᠷᠨᠢᠭᠦᠯᠪᠡ᠃ ᠪᠥᠬᠦ ᠬᠤᠰᠢᠭᠤᠨ ᠤ 10 ᠬᠤᠲᠠ ᠶᠢᠨ ᠨᠡᠶᠢᠭᠡᠮ ᠲᠣᠭᠤᠷᠢᠭ ᠲᠤ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠦᠢᠯᠡᠳᠦᠯᠭᠡ ᠶᠢᠨ ᠴᠡᠭ ᠢ ᠪᠠᠶᠢᠭᠤᠯᠵᠤ᠂ ᠰᠤᠷᠭᠠᠭᠤᠯᠢ ᠳᠤ ᠪᠠᠶᠢᠭ᠎ᠠ ᠰᠢᠯᠢᠳᠡᠭ ᠣᠶᠤᠲᠠᠨ ᠢ ᠡᠯ᠎ᠡ ᠨᠡᠶᠢᠭᠡᠮ ᠲᠣᠭᠤᠷᠢᠭ ᠲᠤ ᠰᠣᠩᠭᠤᠨ ᠲᠣᠮᠢᠯᠠᠵᠤ ᠠᠮᠠᠷᠠᠯᠲᠠ ᠶᠢᠨ ᠬᠤᠭᠤᠴᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ᠲᠣᠰᠬᠠᠶᠢᠵᠢᠬᠤ ᠦᠢᠯᠡᠳᠦᠯᠭᠡ ᠶᠢ ᠨᠡᠶᠢᠭᠡᠮ ᠲᠣᠭᠤᠷᠢᠭ ᠤᠨ ᠠᠵᠢᠯ ᠤᠨ ᠪᠣᠳᠠᠲᠠᠢ ᠲᠠᠢ ᠦᠨᠡᠨ ᠬᠦ ᠤᠶᠠᠯᠳᠤᠭᠤᠯᠵᠤ᠂ ᠣᠨᠣᠯ ᠢᠶᠠᠷ ᠦᠢᠯᠡᠳᠦᠯᠭᠡ ᠶᠢ ᠬᠠᠪᠰᠤᠷᠤᠨ᠂ ᠦᠢᠯᠡᠳᠦᠯᠭᠡ ᠪᠠᠷ ᠣᠨᠣᠯ ᠢ ᠠᠬᠢᠭᠤᠯᠵᠤ᠂ ᠨᠡᠶᠢᠭᠡᠮ ᠲᠣᠭᠤᠷᠢᠭ ᠢ ᠬᠠᠪᠰᠤᠷᠤᠨ ᠡᠯ᠎ᠡ ᠵᠦᠢᠯ ᠤᠨ ᠦᠢᠯᠡᠴᠢᠯᠡᠭᠡᠨ ᠤ ᠠᠵᠢᠯᠯᠠᠭ᠎ᠠ ᠶᠢ ᠰᠠᠶᠢᠲᠤᠷ ᠦᠷᠨᠢᠭᠦᠯᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号